ᠪᠦᠬᠦ ᠣᠷᠣᠨ ᠤ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ ᠸᠢᠳᠢᠤ᠋ ᠬᠤᠷᠠᠯ ᠬᠤᠷᠠᠯᠳᠤᠪᠠ  ᠵᠠᠩ ᠱᠤᠤ ᠴᠦᠨ ᠬᠤᠷᠠᠯ ᠢ ᠡᠷᠬᠢᠯᠡᠵᠦ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2022/8/19

      8 ᠳ᠋ᠤᠭᠠᠷ ᠰᠠᠷ᠎ᠠ ᠶᠢᠨ 18᠎ ᠤ ᠡᠳᠦᠷ᠂ ᠥᠪᠡᠷᠲᠡᠭᠡᠨ ᠵᠠᠰᠠᠬᠤ ᠣᠷᠣᠨ ᠸᠢᠳᠢᠤ᠋ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠵᠢᠯ ᠡᠬᠢᠯᠡᠭᠦᠯᠦᠭᠡᠳᠦᠢ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠤᠨ ᠬᠤᠯᠪᠣᠭᠳᠠᠯ ᠪᠦᠬᠦᠢ ᠪᠠᠶᠢᠳᠠᠯ ᠢ ᠲᠣᠬᠢᠷᠠᠭᠤᠯᠤᠨ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠣᠸ ᠴᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃
      ᠬᠤᠷᠠᠯ ᠠᠴᠠ ᠴᠢᠬᠤᠯᠠᠴᠢᠯᠠᠬᠤ ᠳᠤ ᠪᠠᠨ᠂ ᠤᠳᠤ ᠶᠠᠭ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠦᠷᠦᠯ ᠵᠦᠢᠯ ᠤᠨ ᠠᠬᠢᠴᠠ ᠶᠢ ᠦᠨᠡᠨ ᠬᠦ ᠲᠦᠷᠭᠡᠳᠬᠡᠵᠦ᠂ ᠴᠢᠬᠤᠯᠠ ᠡᠯᠧᠮᠧᠨ᠋ᠲ ᠪᠠ ᠡᠬᠢ ᠪᠠᠶᠠᠯᠢᠭ ᠢ ᠥᠨᠳᠥᠷ ᠪᠦᠲᠦᠮᠵᠢᠲᠡᠢ ᠪᠠᠷ ᠲᠣᠬᠢᠷᠠᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠴᠢᠨᠠᠭᠰᠢᠳᠠ ᠪᠠᠳᠠᠷᠠᠭᠤᠯᠵᠤ᠂ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠪᠣᠯᠣᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠠᠵᠢᠯ ᠡᠬᠢᠯᠡᠭᠦᠯᠦᠭᠡᠳᠦᠢ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠪᠦᠬᠦᠨ ᠤ ᠠᠵᠢᠯ ᠡᠬᠢᠯᠡᠭᠦᠯᠬᠦ ᠶᠢ ᠠᠬᠢᠭᠤᠯᠵᠤ᠂ ᠵᠠᠷᠤᠯᠭ᠎ᠠ ᠶᠢᠨ ᠠᠬᠢᠴᠠ ᠶᠢ ᠲᠦᠷᠭᠡᠳᠬᠡᠨ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠤᠯᠤᠰ ᠤᠨ ᠲᠦᠷᠦ ᠶᠢᠨ ᠪᠣᠳᠣᠯᠭ᠎ᠠ ᠶᠢᠨ ᠴᠢᠨᠠᠷᠲᠠᠢ ᠨᠡᠭᠡᠭᠡᠨ ᠬᠥᠭᠵᠢᠭᠦᠯᠦᠯᠲᠡ ᠶᠢᠨ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ ᠵᠡᠷᠭᠡ ᠡᠯ᠎ᠡ ᠵᠦᠢᠯ ᠤᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠨᠡᠩ ᠤᠯᠠᠨ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠢ᠃ ᠲᠦᠷᠦᠯ ᠵᠦᠢᠯ ᠢ ᠲᠥᠯᠥᠪᠵᠢᠭᠦᠯᠵᠦ ᠨᠥᠭᠡᠴᠡᠯᠡᠬᠦ ᠶᠢ ᠴᠢᠩᠭᠠᠳᠬᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠶᠢᠨ

3 ᠵᠢᠯ ᠤᠨ ᠲᠦᠷᠦᠯ ᠵᠦᠢᠯ ᠢ ᠤᠷᠢᠳᠴᠢᠯᠠᠨ ᠲᠥᠯᠥᠪᠵᠢᠭᠦᠯᠵᠦ᠂ ᠢᠯᠠᠩᠭᠤᠶ᠎ᠠ ᠢᠷᠡᠬᠦ ᠵᠢᠯ ᠳᠤ ᠬᠡᠷᠡᠭᠵᠢᠭᠦᠯᠬᠦ ᠪᠠᠷ ᠪᠠᠶᠢᠭ᠎ᠠ ᠴᠢᠬᠤᠯᠠ ᠶᠡᠭᠡ ᠲᠦᠷᠦᠯ ᠵᠦᠢᠯ ᠢ ᠤᠷᠢᠳᠴᠢᠯᠠᠨ ᠲᠥᠯᠥᠪᠵᠢᠭᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠ ᠪᠡᠯᠡ ᠣᠷᠣᠭᠤᠯᠤᠯᠲᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠪᠠᠷ ᠠᠵᠤ ᠠᠬᠤᠢ ᠶᠢᠨ ᠲᠣᠭᠲᠠᠭᠤᠨ ᠢᠶᠠᠷ ᠠᠵᠢᠯᠯᠠᠬᠤ ᠶᠢ ᠬᠦᠴᠦᠲᠡᠢ ᠲᠤᠯᠭᠠᠭᠤᠷᠢᠯᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ