ᠮᠠᠨ ᠤ ᠣᠷᠣᠨ ᠤ 8 ᠳ᠋ᠤᠭᠠᠷ ᠰᠠᠷ᠎ᠠ ᠶᠢᠨ 18᠎ ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/8/19

       8 ᠳ᠋ᠤᠭᠠᠷ ᠰᠠᠷ᠎ᠠ ᠶᠢᠨ 18᠎ ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 4 ᠨᠡᠮᠡᠭᠳᠡᠵᠦ᠂ ᠡᠭᠦᠨ ᠳᠤ ᠬᠥᠬᠡᠬᠤᠲᠠ ᠳᠤ 2 ︵ᠴᠥᠮ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ᠂ ᠡᠭᠦᠨ ᠳᠤ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ 1 ᠵᠢᠱᠢᠶ᠎ᠡ ᠶᠢ ᠪᠠᠭᠲᠠᠭᠠᠨ᠎ᠠ᠂ ᠲᠡᠷᠡ ᠨᠢ ᠭᠠᠳᠠᠷ ᠮᠤᠵᠢ ᠶᠢᠨ ᠬᠦᠷᠭᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ ᠨᠢᠭᠲᠠ ᠣᠶᠢᠷᠠᠲᠤᠭᠴᠢ ᠪᠣᠯᠣᠨ᠎ᠠ᠂ 1 ᠵᠢᠱᠢᠶ᠎ᠡ ᠨᠢ 8 ᠳ᠋ᠤᠭᠠᠷ ᠰᠠᠷ᠎ᠠ ᠶᠢᠨ 13᠎ ᠤ ᠡᠳᠦᠷ ᠠᠳᠠᠯᠢ ᠨᠢᠭᠡ ᠡᠭᠡᠯᠵᠢ ᠶᠢᠨ ᠨᠢᠰᠬᠡᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠲᠠᠢ ᠨᠢᠭᠲᠠ ᠣᠶᠢᠷᠠᠲᠤᠭᠴᠢ ᠪᠣᠯᠣᠨ᠎ᠠ︶᠂ ᠬᠥᠯᠥᠨ ᠪᠣᠶᠢᠷ ᠬᠤᠲᠠ ᠳᠤ 2 ︵ᠴᠥᠮ ᠲᠤᠰᠠᠭᠠᠷᠯᠠᠬᠤ ᠴᠡᠭ ᠠᠴᠠ ᠪᠠᠶᠢᠴᠠᠭᠠᠨ ᠭᠠᠷᠭᠠᠪᠠ᠂ ᠮᠠᠨᠵᠤᠤᠷ ᠬᠤᠲᠠ ᠳᠤ ᠪᠣᠢ︶ ᠪᠣᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠨᠡᠶᠢᠭᠡᠮ ᠲᠣᠭᠤᠷᠢᠭ ᠤᠨ ᠰᠢᠭᠰᠢᠨ ᠪᠠᠶᠢᠴᠠᠭᠠᠯᠲᠠ ᠠᠴᠠ ᠢᠯᠡᠷᠡᠭᠦᠯᠪᠡ᠃ ᠬᠥᠯᠥᠨ ᠪᠣᠶᠢᠷ ᠤᠨ ᠮᠠᠨᠵᠤᠤᠷ ᠬᠤᠲᠠ ᠳᠤ ᠪᠣᠢ︶ ᠨᠡᠮᠡᠭᠳᠡᠪᠡ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠳ︶ ᠨᠡᠮᠡᠭᠳᠡᠪᠡ᠃ ᠲᠤᠬᠠᠢ ᠶᠢᠨ ᠭᠠᠵᠠᠷ ᠤᠨ ᠲᠣᠳᠣᠯᠠᠭᠰᠠᠨ 8 ᠡᠪᠡᠳᠴᠢᠨ ᠤ ᠵᠢᠱᠢᠶ᠎ᠡ ᠢᠯᠠᠷᠢᠰᠢᠵᠤ ᠡᠮᠨᠡᠯᠭᠡ ᠠᠴᠠ ᠭᠠᠷᠪᠠ᠃ ᠴᠥᠮ ᠤᠯᠠᠭᠠᠨᠴᠠᠪ ᠬᠤᠲᠠ ᠳᠤ ︵ᠵᠢᠨᠢᠩ ᠲᠣᠭᠤᠷᠢᠭ ᠲᠤ 2᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 6︶ ᠪᠣᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 6 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠴᠥᠮ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠤᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ 1 ᠡᠪᠡᠳᠴᠢᠨ ᠤ ᠵᠢᠱᠢᠶ᠎ᠡ ᠢᠯᠠᠷᠢᠰᠢᠵᠤ ᠡᠮᠨᠡᠯᠭᠡ ᠠᠴᠠ ᠭᠠᠷᠴᠤ᠂ ᠡᠪᠡᠳᠴᠢᠨ ᠤ ᠢᠯᠡᠷᠡᠯ ᠦᠭᠡᠢ 3 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃ ᠡᠳᠡᠭᠡᠷ ᠨᠢ ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠳ ᠪᠣᠯᠣᠨ᠎ᠠ᠃

       8 ᠳ᠋ᠤᠭᠠᠷ ᠰᠠᠷ᠎ᠠ ᠶᠢᠨ 18᠎ ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 62 ᠪᠠᠶᠢᠵᠤ᠂ ᠡᠭᠦᠨ ᠳᠤ ᠬᠦᠬᠡᠬᠤᠳᠠ ᠳᠤ 11 ︵ᠦᠴᠤᠸᠠᠨ ᠰᠢᠶᠠᠨ ᠳᠤ 1᠂ ᠭᠠᠳᠠᠷ ᠮᠤᠵᠢ ᠶᠢᠨ ᠬᠦᠷᠭᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ ᠨᠢᠭᠲᠠ ᠣᠶᠢᠷᠠᠲᠤᠭᠴᠢ 1᠂ ᠪᠤᠰᠤᠳ 9 ᠵᠢᠱᠢᠶ᠎ᠡ ᠨᠢ ᠴᠦᠮ ᠠᠳᠠᠯᠢ ᠨᠢᠭᠡ ᠡᠭᠡᠯᠵᠢ ᠶᠢᠨ ᠨᠢᠰᠭᠡᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ︶᠂ ᠬᠥᠯᠥᠨ ᠪᠣᠶᠢᠷ ᠬᠤᠲᠠ ᠳᠤ 5  ︵ᠴᠥᠮ ᠮᠠᠨᠵᠤᠤᠷ ᠬᠤᠲᠠ ᠳᠤ︶᠂ ᠰᠢᠯᠢ ᠶᠢᠨ ᠭᠤᠣᠯ ᠠᠶᠢᠮᠠᠭ ᠲᠤ 9 ︵ᠴᠦᠮ ᠡᠷᠢᠶᠡᠨ ᠬᠤᠲᠠ ᠳᠤ︶᠂ ᠤᠯᠠᠭᠠᠨᠴᠠᠪ ᠬᠤᠲᠠ ᠳᠤ 36 ︵ᠵᠢᠨᠢᠩ ᠲᠣᠭᠤᠷᠢᠭ ᠲᠤ 3᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 32᠂ ᠱᠠᠩᠲᠤ ᠰᠢᠶᠠᠨ ᠳᠤ 1︶᠂ ᠪᠠᠶᠠᠨᠨᠠᠭᠤᠷ ᠬᠤᠲᠠ ᠳᠤ 1 ︵ᠤᠷᠠᠳ ᠤᠨ ᠳᠤᠮᠳᠠᠳᠤ ᠬᠤᠰᠢᠭᠤᠨ ᠳᠤ︶ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 32 ᠪᠠᠶᠢᠵᠤ᠂ ᠡᠭᠦᠨ ᠳᠤ ᠬᠦᠬᠡᠬᠤᠳᠠ ᠳᠤ 1 ︵ᠦᠴᠤᠸᠠᠨ ᠰᠢᠶᠠᠨ ᠤ ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ ᠨᠢᠭᠲᠠ ᠣᠶᠢᠷᠠᠲᠤᠭᠴᠢ︶᠂ ᠰᠢᠯᠢ ᠶᠢᠨ ᠭᠤᠣᠯ ᠠᠶᠢᠮᠠᠭ ᠲᠤ 3 ︵ᠡᠷᠢᠶᠡᠨ ᠬᠤᠲᠠ ᠳᠤ 2᠂ ᠰᠦᠨᠢᠳ ᠪᠠᠷᠠᠭᠤᠨ ᠬᠤᠰᠢᠭᠤᠨ ᠳᠤ 1︶᠂ ᠤᠯᠠᠭᠠᠨᠴᠠᠪ ᠬᠤᠲᠠ ᠳᠤ 27 ︵ᠵᠢᠨᠢᠩ ᠲᠣᠭᠤᠷᠢᠭ ᠲᠤ 1᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 26︶ ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 7᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 9 ᠪᠠᠶᠢᠵᠤ᠂ ᠴᠦᠮ ᠬᠦᠬᠡᠬᠤᠳᠠ ᠳᠤ ᠪᠤᠢ᠃ ᠪᠦᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ