ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠤᠭᠰᠠᠨ 70 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/19


      ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠦᠬᠡ ᠶᠢᠨ ᠠᠭᠤᠯᠵᠠᠷ ᠤᠨ ᠬᠤᠭᠤᠴᠠᠭᠠᠨ ᠳᠤ᠂ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠨᠢ ᠪᠣᠬᠢᠷᠲᠤᠯ ᠦᠭᠡᠢ ᠠᠶᠠᠨ ᠵᠠᠮ ᠢᠶᠠᠷ 70 ᠵᠢᠯ ᠤᠨ ᠰᠠᠯᠬᠢ ᠪᠣᠷᠣᠭᠠᠨ ᠢ ᠲᠤᠭᠤᠯᠤᠯ᠎ᠠ᠃ 8 ᠳ᠋ᠤᠭᠠᠷ ᠰᠠᠷ᠎ᠠ ᠶᠢᠨ 18 ᠤ ᠡᠳᠦᠷ᠂ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠤᠭᠰᠠᠨ 70 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠶᠠᠭᠰᠢ ᠳᠤ ᠶᠠᠪᠤᠭᠳᠠᠪᠠ᠃
      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠲᠠᠨ ᠭᠤᠸᠠᠩ ᠮᠢᠩ ᠪᠡᠯᠭᠡᠯᠡᠬᠦ ᠶᠡᠭᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃
      ᠪᠡᠯᠭᠡᠯᠡᠬᠦ ᠶᠡᠭᠡ ᠬᠤᠷᠠᠯ ᠨᠢ ᠰᠦᠷ ᠵᠢᠪᠬᠤᠯᠠᠩᠲᠤ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ︾ ᠶᠢᠨ ᠳᠤᠮᠳᠠ ᠬᠥᠰᠢᠭᠡ ᠪᠠᠨ  ᠰᠡᠬᠦᠨ᠂ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠢ ᠨᠡᠭᠡᠭᠡᠨ ᠬᠥᠭᠵᠢᠭᠦᠯᠵᠦ ᠪᠦᠳᠦᠬᠡᠨ ᠪᠠᠶᠢᠭᠤᠯᠤᠭᠰᠠᠨ 70 ᠵᠢᠯ ᠤᠨ ᠤᠢ ᠳᠤ ᠪᠠᠷᠢᠭᠰᠠᠨ ᠪᠡᠯᠡᠭ ︽ᠳᠤᠮᠳᠠᠳᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠨᠢᠷᠤᠭᠤ — ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ · ᠶᠡᠷᠦ ᠪᠤᠰᠤ ᠶᠢᠨ 70 ᠵᠢᠯ︾ ᠭᠡᠬᠦ  ᠺᠢᠨᠣ᠋ ᠶᠢ ᠪᠦᠬᠦ ᠬᠦᠨᠳᠦᠲᠦ ᠵᠣᠴᠢᠳ ᠬᠠᠮᠲᠤ ᠪᠠᠷ ᠰᠣᠨᠢᠷᠬᠠᠵᠠᠭᠠᠪᠠ᠃ ᠯᠢ ᠪᠢᠩ ᠷᠦᠩ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ 70 ᠵᠢᠯ ᠤᠨ ᠲᠤᠷᠰᠢ ᠰᠢᠭᠤᠶᠢᠲᠤ ᠣᠷᠣᠨ ᠳᠤ ᠠᠵᠢᠯᠯᠠᠭᠰᠠᠭᠠᠷ ᠢᠷᠡᠭᠰᠡᠨ ᠥᠷᠭᠡᠨ ᠤᠯᠠᠨ ᠤᠢ ᠰᠢᠭᠤᠢ ᠶᠢᠨ ᠠᠵᠢᠯᠲᠠᠳ᠂ ᠥᠪᠥᠷ ᠮᠣᠩᠭᠤᠯ ᠤᠨ ᠤᠢ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠪᠦᠬᠦ ᠺᠠᠳ᠋ᠷ ᠠᠵᠢᠯᠲᠠᠳ᠂ ᠡᠮᠦᠨ᠎ᠡ ᠹᠷᠣᠨᠲ ᠢ ᠪᠠᠲᠤ ᠰᠠᠬᠢᠵᠤ ᠪᠠᠶᠢᠭ᠎ᠠ ᠤᠢ ᠰᠢᠭᠤᠢ ᠶᠢᠨ ᠭᠠᠯ ᠤᠨᠲᠠᠷᠠᠭᠠᠬᠤ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠲᠤ ᠬᠠᠯᠠᠭᠤᠨ ᠪᠠᠶᠠᠷ ᠬᠦᠷᠭᠡᠨ᠂ ᠳᠣᠲᠣᠨᠣ ᠮᠡᠨᠳᠦᠴᠢᠯᠡᠯ ᠳᠡᠪᠰᠢᠭᠦᠯᠵᠡᠢ᠃ ᠲᠡᠷᠡ ᠪᠠᠷ᠂ 70 ᠵᠢᠯ ᠤᠨ ᠲᠤᠷᠰᠢ᠂ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠶ᠎ᠡ ᠦᠶ᠎ᠡ ᠶᠢᠨ ᠶᠡᠭᠡ ᠬᠢᠩᠭᠠᠨ ᠳᠠᠪᠠᠭᠠᠨ ᠤ ᠬᠦᠮᠦᠰ ᠬᠡᠬᠦᠳᠡᠭ ᠴᠡᠭᠡᠵᠢᠨ ᠳᠤ ᠪᠠᠨ ᠢᠮᠠᠭᠲᠠ ᠡᠬᠡ ᠤᠯᠤᠰ ᠲᠤ ᠪᠠᠨ ᠬᠦᠴᠦ ᠪᠠᠨ ᠡᠷᠭᠦᠬᠦ᠂ ᠬᠢᠯᠢ ᠬᠢᠵᠠᠭᠠᠷ ᠢᠶᠠᠨ ᠲᠤᠰᠠᠯᠠᠬᠤ ᠠᠤᠭ᠎ᠠ ᠣᠮᠤᠭ ᠵᠣᠷᠢᠭ ᠢ ᠡᠪᠦᠷᠯᠡᠵᠦ᠂ ᠦᠢ ᠲᠦᠮᠡᠨ ᠤᠢ ᠰᠢᠭᠤᠢ ᠶᠢᠨ ᠨᠢᠷᠤᠭᠤᠪᠴᠢ ᠬᠦᠴᠦᠨ ᠴᠣᠯᠭᠤᠷᠠᠨ ᠭᠠᠷᠤᠭᠰᠠᠨ ᠭᠠᠶᠢᠬᠠᠮᠰᠢᠭ ᠢ ᠡᠭᠦᠳᠴᠦ᠂ ᠨᠣᠭᠤᠭᠠᠷᠠᠭᠤᠯᠤᠯᠲᠠ ᠶᠢ ᠬᠠᠮᠠᠭᠠᠯᠠᠬᠤ ᠰᠢᠨ᠎ᠡ ᠴᠠᠭ ᠦᠶ᠎ᠡ ᠶᠢ ᠨᠡᠭᠡᠭᠡᠨ᠂ ᠥᠪᠥᠷ ᠮᠣᠩᠭᠤᠯ ᠤᠨ ᠤᠢ ᠰᠢᠭᠤᠢ ᠶᠢᠨ ᠦᠢᠯᠡᠰ ᠤᠨ ᠪᠦᠳᠦᠭᠡᠨ ᠪᠠᠶᠢᠭᠤᠯᠤᠯᠲᠠ ᠶᠢᠨ ᠭᠡᠷᠡᠯ ᠰᠠᠴᠤᠷᠠᠩᠭᠤᠢ ᠬᠠᠭᠤᠳᠠᠰᠤ ᠶᠢ ᠪᠢᠴᠢᠭᠯᠡᠭᠡᠳ᠂ ᠪᠦᠬᠦ ᠤᠯᠤᠰ ᠤᠨ ᠰᠢᠭᠤᠶᠢᠲᠤ ᠣᠷᠣᠨ ᠳᠤ ᠬᠠᠮᠠᠭᠠᠯᠠᠬᠤ ᠶᠢᠨ ᠳᠠᠭᠠᠤ ᠪᠦᠳᠦᠭᠡᠨ ᠪᠠᠶᠢᠭᠤᠯᠬᠤ᠂ ᠪᠦᠳᠦᠭᠡᠨ ᠪᠠᠶᠢᠭᠤᠯᠬᠤ ᠶᠢᠨ ᠳᠠᠭᠠᠤ ᠬᠥᠭᠵᠢᠭᠦᠯᠬᠦ᠂ ᠬᠥᠭᠵᠢᠭᠦᠯᠬᠦ ᠶᠢᠨ ᠳᠠᠭᠠᠤ ᠬᠠᠮᠠᠭᠠᠯᠠᠬᠤ ᠪᠣᠬᠢᠷᠲᠤᠯ ᠦᠭᠡᠢ ᠬᠥᠭᠵᠢᠯᠲᠡ ᠶᠢᠨ ᠵᠠᠮ ᠢ ᠬᠠᠮᠤᠭ ᠤᠨ ᠲᠦᠷᠦᠭᠦᠨ ᠳᠤ ᠨᠡᠭᠡᠭᠡᠭᠰᠡᠨ ᠪᠢᠯᠡ ᠭᠡᠵᠦ ᠵᠢᠭᠠᠨ ᠭᠠᠷᠭᠠᠪᠠ᠃
      ᠲᠠᠨ ᠭᠤᠸᠠᠩ ᠮᠢᠩ ᠢᠯᠡᠳᠬᠡᠬᠦ ᠳᠤ ᠪᠠᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠪᠥᠷ ᠮᠣᠩᠭᠤᠯ ᠤᠨ ᠣᠶ ᠰᠢᠭᠤᠶ ᠶᠢᠨ ᠠᠵᠤ ᠦᠢᠯᠡᠳᠪᠦᠷᠢ ᠶᠢᠨ ᠪᠦᠯᠦᠭᠯᠡᠯ ᠨᠢ ᠶᠡᠷᠦᠩᠬᠡᠢ ᠱᠦᠵᠢ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠵᠣᠷᠢᠭᠲᠠᠢ ᠪᠠᠷ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠴᠥᠬᠦᠷᠡᠰᠢ ᠦᠭᠡᠢ ᠴᠢᠷᠮᠠᠶᠢᠯᠭ᠎ᠠ ᠪᠠᠷ ᠲᠠᠮᠵᠢᠨ᠂ ᠰᠢᠭᠤᠶᠢᠲᠤ ᠣᠷᠣᠨ ᠤ ᠤᠢ ᠰᠢᠭᠤᠢ ᠶᠢᠨ ᠡᠬᠢ ᠪᠠᠶᠠᠯᠢᠭ ᠢ ᠪᠤᠶᠢᠵᠢᠭᠤᠯᠤᠨ ᠬᠥᠭᠵᠢᠭᠦᠯᠬᠦ ᠦᠷ᠎ᠡ ᠪᠦᠲᠦᠮᠵᠢ ᠮᠡᠳᠡᠭᠳᠡᠮ᠎ᠡ ᠪᠤᠯᠵᠤ᠂ ᠬᠡᠯᠪᠡᠷᠢ ᠪᠠᠨ ᠬᠤᠪᠢᠷᠠᠭᠤᠯᠬᠤ ᠠᠵᠤ ᠦᠢᠯᠡᠰ ᠤᠨ ᠬᠥᠭᠵᠢᠯᠲᠡ ᠲᠠᠰᠤᠷᠠᠯᠳᠡ ᠦᠭᠡᠢ ᠲᠦᠷᠭᠡᠳᠴᠦ᠂ ᠠᠵᠢᠯᠳᠠᠨ ᠠᠵᠢᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠵᠢᠯ ᠠᠴᠠ ᠵᠢᠯ ᠰᠠᠶᠢᠵᠢᠷᠠᠵᠤ᠂ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠤ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠮᠢ ᠠᠬᠤᠢ ᠶᠢᠨ ᠬᠠᠯᠬᠠᠪᠴᠢ ᠶᠢ ᠪᠦᠳᠦᠬᠡᠨ ᠪᠠᠶᠢᠭᠤᠯᠬᠤ ᠪᠠ ᠠᠷᠠᠳ ᠢ ᠪᠠᠶᠠᠵᠢᠭᠤᠯᠤᠨ ᠤᠢ ᠰᠢᠭᠤᠢ ᠶᠢ ᠬᠥᠭᠵᠢᠭᠦᠯᠵᠦ ᠠᠵᠤ ᠠᠬᠤᠶᠢᠯᠠᠯ ᠢ ᠬᠦᠴᠦᠷᠬᠡᠭᠵᠢᠭᠦᠯᠬᠦ ᠶᠢ ᠠᠭᠤᠰᠤᠯᠴᠠᠭᠤᠯᠤᠭᠰᠠᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠨᠡᠭᠡᠭᠡᠵᠡᠢ ᠭᠡᠪᠡ᠃
      ᠶᠡᠭᠡ ᠬᠤᠷᠠᠯ ᠳᠡᠭᠡᠷ᠎ᠡ 171 ᠨᠢᠭᠡᠴᠢ ︵ᠰᠠᠯᠠᠭ᠎ᠠ ᠮᠥᠴᠢᠷ︶ ᠳᠤ ︽ᠬᠢᠩᠭᠠᠨ ᠨᠢᠷᠤᠭᠤᠪᠴᠢ︾ ᠶᠢᠨ ᠲᠡᠷᠢᠭᠦᠨ ᠤ ᠬᠠᠮᠲᠤ ᠨᠡᠶᠢᠲᠡ ᠶᠢᠨ ᠱᠠᠩᠨᠠᠯ ᠤᠨ ᠮᠧᠳᠠᠯ᠂ 1074 ᠬᠤᠪᠢ ᠬᠥᠮᠦᠨ ᠳᠤ ︽ᠬᠢᠩᠭᠠᠨ ᠨᠢᠷᠤᠭᠤᠪᠴᠢ︾ ᠶᠢᠨ ᠲᠡᠷᠢᠭᠦᠨ ᠤ ᠬᠤᠪᠢ ᠬᠥᠮᠦᠨ ᠤ ᠱᠠᠩᠨᠠᠯ ᠤᠨ ᠲᠡᠮᠳᠡᠭ ᠪᠠ ᠦᠨᠡᠮᠯᠡᠯ ᠣᠯᠭᠤᠵᠠᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ