ᠸᠠᠩ ᠯᠢ ᠰᠢᠶᠠ ᠷᠠᠰᠢᠶᠠᠨ ᠬᠤᠳᠠ ᠳᠤ ᠬᠢᠯᠢ ᠶᠢᠨ ᠬᠠᠮᠠᠭᠠᠯᠠᠯᠳᠠ ᠶᠢᠨ ᠳᠠᠷᠤᠭ᠎ᠠ ᠪᠠᠶᠢᠯᠳᠤᠭᠴᠢᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2022/8/2
      8 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠢᠩᠭᠠᠨ ᠠᠶᠢᠮᠠᠭ ᠤᠨ ᠷᠠᠰᠢᠶᠠᠨ ᠬᠤᠳᠠ ᠳᠤ ᠬᠢᠯᠢ ᠶᠢᠨ ᠬᠠᠮᠠᠭᠠᠯᠠᠯᠳᠠ ᠶᠢᠨ ᠳᠠᠷᠤᠭ᠎ᠠ ᠪᠠᠶᠢᠯᠳᠤᠭᠴᠢᠳ ᠢ ᠪᠣᠯᠭᠤᠭᠠᠨ ᠲᠣᠬᠤᠨᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠣᠭᠤᠮᠲᠠ ᠪᠠᠷ ᠰᠠᠭᠠᠳ ᠦᠭᠡᠢ ᠨᠡᠪᠲᠡᠷᠡᠬᠦ ᠠᠵᠢᠯ ᠢ ᠪᠠᠶᠢᠴᠠᠭᠠᠨ ᠰᠤᠳᠤᠯᠪᠠ᠃
0802王莉霞在阿尔山市看望慰问戍边官兵.jpg
0802王莉霞在阿尔山市看望慰问戍边官兵2.jpg
0802王莉霞在阿尔山市看望慰问戍边官兵3.jpg
0802王莉霞在阿尔山市看望慰问戍边官兵4.jpg
0802王莉霞在阿尔山市看望慰问戍边官兵5.jpg
0802王莉霞在阿尔山市看望慰问戍边官兵6.jpg
      ᠶᠡᠷᠦᠩᠬᠡᠢ ᠱᠦᠵᠢ ᠰᠢ ᠶᠢᠨ ᠫᠢᠩ 2014 ᠣᠨ ᠳᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ᠲᠤᠰᠬᠠᠶᠢᠯᠠᠨ ᠮᠠᠨᠠᠭᠤᠯ ᠤᠨ ᠠᠭᠤᠯᠠ ᠬᠠᠷᠠᠭᠤᠯ ᠤᠨ ᠭᠠᠵᠠᠷ ᠲᠤ ᠬᠦᠷᠴᠦ ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢᠳ ᠢ ᠲᠣᠬᠤᠨᠢᠭᠤᠯᠪᠠ᠃ ᠸᠠᠩ ᠯᠢ ᠰᠢᠶᠠ ᠮᠠᠨᠠᠭᠤᠯ ᠤᠨ ᠠᠭᠤᠯᠠ ᠬᠠᠷᠠᠭᠤᠯ ᠤᠨ ᠭᠠᠵᠠᠷ ᠤᠨ ᠶᠡᠷᠦᠩᠬᠡᠢ ᠱᠦᠵᠢ ᠶᠢᠨ ᠲᠣᠬᠤᠨᠢᠭᠤᠯᠤᠭᠰᠠᠨ ᠪᠠᠶᠢᠳᠠᠯ ᠢ ᠳᠡᠯᠭᠡᠨ ᠦᠵᠡᠬᠦᠯᠦᠭᠰᠡᠨ ᠤᠷᠲᠤ ᠬᠤᠩᠬᠢᠯ ᠳᠤ ᠬᠦᠷᠴᠦ᠂ ᠭᠡᠷᠡᠯ ᠵᠢᠷᠤᠭ ᠪᠣᠯᠭᠠᠨ ᠤ ᠡᠮᠦᠨ᠎ᠡ ᠵᠣᠭᠰᠣᠨ ᠰᠢᠷᠳᠡᠨ ᠬᠠᠷᠠᠵᠤ᠂ ᠶᠡᠷᠦᠩᠬᠡᠢ ᠱᠦᠵᠢ ᠰᠢ ᠶᠢᠨ ᠫᠢᠩ ᠪᠤᠯᠤᠨ ᠮᠠᠨᠠᠭᠤᠯ ᠤᠨ ᠠᠭᠤᠯᠠ ᠬᠠᠷᠠᠭᠤᠯ ᠤᠨ ᠭᠠᠵᠠᠷ ᠤᠨ ᠦᠯᠢᠭᠡᠷ ᠢ ᠰᠣᠨᠣᠰᠪᠠ᠃ ︽ᠮᠦᠷᠦᠭᠡᠳᠦᠯ ᠤᠨ ᠮᠤᠲᠤ︾ ᠶᠢᠨ ᠬᠠᠵᠠᠭᠤ ᠳᠤ᠂ ᠸᠠᠩ ᠯᠢ ᠰᠢᠶᠠ ᠬᠢᠯᠢ ᠬᠢᠵᠠᠭᠠᠷ ᠢ ᠰᠠᠬᠢᠨ ᠬᠠᠮᠠᠭᠠᠯᠠᠭᠰᠠᠨ ᠦᠷᠡᠭᠳᠡᠭᠰᠡᠨ ᠪᠠᠭᠠᠲᠤᠷᠴᠤᠳ ᠤᠨ ᠦᠢᠯᠡ ᠠᠵᠢᠯᠯᠠᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠢᠯᠡᠷᠡᠭᠦᠯᠬᠦ ᠬᠡᠯᠪᠡᠷᠢ ᠶᠢ ᠰᠢᠨᠡᠴᠢᠯᠡᠵᠤ᠂ ᠳᠠᠮᠵᠢᠭᠤᠯᠬᠤ ᠠᠷᠭ᠎ᠠ ᠵᠠᠮ ᠢ ᠥᠷᠭᠡᠳᠭᠡᠵᠦ᠂ ᠡᠶᠢᠨ ᠬᠦ ᠬᠥᠮᠦᠰ ᠤᠨ ᠰᠡᠳᠭᠢᠯ ᠢ ᠬᠦᠳᠡᠯᠭᠡᠮ᠎ᠡ ᠦᠯᠢᠭᠡᠷ ᠢ ᠥᠷᠭᠡᠨ ᠢᠶᠠᠷ ᠳᠠᠮᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠰᠤᠮᠤᠨ ᠠᠩᠭᠢ ᠶᠢᠨ ᠰᠠᠭᠤᠭ᠎ᠠ ᠭᠠᠵᠠᠷ ᠲᠤ᠂ ᠸᠠᠩ ᠯᠢ ᠰᠢᠶᠠ ᠢᠷᠠᠭᠤ ᠠᠯᠳᠠᠷ ᠤᠨ ᠲᠠᠰᠤᠭ ᠢᠶᠠᠷ ᠲᠣᠭᠤᠷᠢᠨ ᠦᠵᠡᠵᠦ᠂ ᠰᠤᠮᠤᠨ ᠠᠩᠭᠢ ᠶᠢᠨ ᠦᠨᠳᠦᠰᠦᠨ ᠪᠠᠶᠢᠳᠠᠯ ᠢ ᠣᠶᠢᠯᠠᠭᠠᠵᠤ᠂ ᠳᠠᠷᠤᠭ᠎ᠠ ᠪᠠᠶᠢᠯᠳᠤᠭᠴᠢᠳ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠦ᠂ ᠣᠯᠠᠨ ᠲᠠᠢ ᠬᠠᠮᠲᠤ ᠬᠤᠭᠤᠯᠠᠨ ᠬᠡᠷ ᠲᠤ ᠬᠤᠭᠤᠯᠠᠯᠠᠪᠠ᠃ ᠲᠡᠷᠡ᠂ ᠡᠨᠡ ᠡᠳᠦᠷ ᠪᠣᠯ ︽8 ·1︾ ᠤ ᠴᠡᠷᠢᠭ ᠪᠠᠶᠢᠭᠤᠯᠤᠭᠳᠠᠭᠰᠠᠨ ᠪᠠᠶᠠᠷ ᠪᠣᠯᠤᠨ᠎ᠠ᠂ ᠪᠢ ᠰᠦᠨ ᠱᠤᠤ ᠴᠧᠩ ᠱᠦᠵᠢ ᠶᠢᠨ ᠨᠠᠶᠢᠳᠠᠯᠭ᠎ᠠ  ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ ᠨᠥᠬᠦᠳ ᠲᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ᠃ ᠤᠯᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠨᠠᠮ ᠤᠨ ᠲᠥᠪ ᠬᠤᠷᠢᠶ᠎ᠠ ᠪᠣᠯᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ᠂ ᠡᠷᠳᠡᠮ ᠴᠢᠳᠠᠪᠤᠷᠢ ᠪᠠᠨ ᠰᠠᠶᠢᠲᠤᠷ ᠪᠣᠯᠪᠠᠰᠤᠷᠠᠵᠤ᠂ ᠤᠯᠤᠰ ᠤᠨ ᠡᠭᠦᠳᠡ ᠪᠠᠨ ᠰᠠᠶᠢᠲᠤᠷ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ᠂ ᠬᠢᠯᠢ ᠬᠢᠵᠠᠭᠠᠷ ᠢᠶᠠᠨ ᠦᠨᠡᠨᠴᠢ ᠪᠠᠷ ᠰᠠᠬᠢᠨ ᠬᠠᠮᠠᠭᠠᠯᠠᠵᠤ᠂ ᠡᠭᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠨᠡᠩ ᠪᠠᠲᠤ ᠪᠠᠬᠢ ᠪᠣᠯᠭᠠᠨ ᠪᠦᠳᠦᠭᠡᠨ ᠪᠠᠶᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠶᠢ ᠬᠦᠰᠡᠵᠦ ᠪᠠᠶᠢᠨ᠎ᠠ ᠭᠡᠵᠡᠢ᠃       ᠷᠠᠰᠢᠶᠠᠨ ᠪᠣᠭᠤᠮᠲᠠ ᠳᠤ᠂ ᠸᠠᠩ ᠯᠢ ᠰᠢᠶᠠ ᠪᠣᠭᠤᠮᠲᠠ ᠶᠢᠨ ᠲᠤᠰᠬᠠᠶ ᠠᠩᠭᠢ ᠶᠢᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠪᠣᠯ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠤᠰᠢᠶᠠᠭᠰᠠᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠣᠭᠤᠮᠲᠠ ᠪᠠᠷ ᠰᠠᠭᠠᠳ ᠥᠬᠡᠶ ᠨᠡᠪᠲᠡᠷᠡᠬᠦ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠪᠣᠭᠤᠮᠲᠠ ᠶᠢᠨ ᠨᠡᠭᠡᠭᠡᠬᠦ ᠶᠤᠰᠤᠲᠠᠢ ᠶᠢ ᠨᠢ ᠪᠦᠬᠦᠨ ᠢ ᠨᠡᠭᠡᠭᠡᠬᠦ᠂ ᠨᠡᠭᠡᠭᠡᠵᠦ ᠳᠡᠶᠢᠯᠬᠦ ᠶᠢ ᠨᠢ ᠪᠦᠬᠦᠨ ᠢ ᠨᠡᠭᠡᠭᠡᠬᠦ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃       ᠸᠠᠩ ᠯᠢ ᠰᠢᠶᠠ ᠪᠠᠰᠠ ᠲᠤᠬᠠᠢ ᠶᠢᠨ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃