| 8 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠲᠥᠪ ᠤᠨ | ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠮᠠᠰᠢ | ᠴᠢᠩᠭ᠎ᠠ ᠤᠯᠤᠰ ᠲᠦᠷᠦ ᠶᠢᠨ ᠴᠢᠨᠠᠷ᠂ ᠦᠵᠡᠯ ᠰᠠᠨᠠᠭᠠᠳᠤ ᠴᠢᠨᠠᠷ᠂ ᠤᠨᠤᠯ ᠤᠨ ᠴᠢᠨᠠᠷ ᠲᠠᠢ ᠪᠠᠶᠢᠵᠤ᠂ ᠰᠢᠨ᠎ᠡ ᠦᠶ᠎ᠡ ᠶᠢᠨ ᠤᠯᠤᠰ ᠶᠢᠨ ᠬᠠᠶᠢᠷᠠᠯᠠᠬᠤ ᠨᠢᠭᠡᠳᠦᠮᠡᠯ | ᠹᠷᠣᠨᠲ ᠤᠨ ᠬᠥᠭᠵᠢᠨ ᠪᠤᠵᠠᠭᠠᠶᠢᠷᠠᠬᠤ ᠳᠤ ᠤᠷᠤᠭᠰᠢᠯᠠᠯᠲᠠ ᠶᠢᠨ ᠴᠢᠭᠯᠡᠯ ᠢ ᠲᠣᠳᠤᠷᠬᠠᠢ ᠵᠢᠭᠠᠵᠤ᠂ ᠦᠨᠳᠦᠰᠦᠨ ᠵᠢᠷᠤᠮᠵᠢᠯ ᠬᠠᠩᠭᠠᠵᠠᠢ᠂ ᠪᠢᠳᠡ ᠨᠠᠷᠢᠨ ᠬᠢᠨᠠᠮᠠᠭᠠᠢ | ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ | ᠳᠡᠭᠡᠷ᠎ᠡ ᠦᠨᠡᠨ ᠬᠦ ᠨᠢᠭᠡᠳᠭᠡᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ | ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠰᠤᠷᠤᠯᠴᠠᠨ ᠣᠶᠢᠯᠠᠭᠠᠬᠤ ᠪᠠ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠡᠷᠡ ᠬᠡᠪ ᠢᠶᠠᠷ ᠨᠢ ᠰᠡᠳᠭᠢᠯ ᠰᠢᠮᠳᠠᠨ ᠰᠤᠳᠤᠯᠬᠤ ᠪᠠᠷ ᠪᠠᠷᠠᠬᠤ ᠦᠭᠡᠢ ᠪᠠᠰᠠ ᠲᠡᠭᠦᠨ ᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠪᠦᠬᠦᠶᠢᠯᠡ ᠴᠤᠬᠴᠠ ᠶᠢᠨ ᠰᠢᠰᠲ᠋ᠧᠮ ᠳᠤ ᠲᠠᠯᠪᠢᠨ ᠤᠬᠠᠪᠦᠷᠢᠯᠠᠨ ᠣᠶᠢᠯᠠᠭᠠᠵᠤ᠂ | ᠭᠤᠣᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ | ᠣᠶᠢᠯᠠᠭᠠᠵᠤ᠂ ᠡᠭᠦᠨ ᠢᠶᠠᠷ ᠨᠡᠩ ᠰᠠᠶᠢᠳᠤᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠰᠢᠨ᠎ᠡ ᠴᠠᠭ ᠦᠶ᠎ᠡ ᠶᠢᠨ ᠤᠯᠤᠰ ᠶᠢᠨ ᠬᠠᠶᠢᠷᠠᠯᠠᠬᠤ ᠨᠢᠭᠡᠳᠦᠮᠡᠯ ᠹᠷᠣᠨᠲ ᠤᠨ ᠲᠡᠦᠬᠡᠨ ᠣᠷᠣᠨ ᠪᠠᠶᠢᠷᠢ᠂ ᠴᠢᠬᠤᠯᠠ ᠡᠭᠦᠷᠭᠡ ᠬᠠᠷᠢᠭᠤᠴᠠᠯᠭ᠎ᠠ | ᠪᠣᠯᠤᠨ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠠᠬᠢᠭᠤᠯᠬᠤ ᠳᠤ ᠰᠠᠶᠢᠲᠤᠷ ᠰᠢᠢᠳᠪᠦᠷᠢᠯᠡᠬᠦ ᠴᠢᠬᠤᠯᠠᠲᠠᠢ ︽ᠲᠦᠷᠪᠡᠨ ᠬᠤᠣᠰ ᠬᠠᠷᠢᠴᠠᠭ᠎ᠠ︾ | ᠶᠢ ᠪᠠᠲᠤ ᠡᠵᠡᠮᠳᠡᠵᠦ᠂ ᠡᠭᠦᠷᠭᠡᠲᠦ ᠪᠤᠳᠤᠯ ᠪᠣᠯᠤᠨ ᠬᠠᠷᠢᠭᠤᠴᠠᠯᠭᠠᠲᠤ ᠰᠡᠳᠭᠢᠯᠭᠡ ᠪᠠᠨ ᠴᠢᠩᠭᠠᠳᠬᠠᠵᠤ᠂ ᠵᠢᠮ᠎ᠡ ᠶᠣᠰᠣ ᠶᠢ ᠵᠢᠷᠤᠮᠯᠠᠵᠤ᠂ ᠦᠨᠡᠨ ᠠᠴᠠ ᠵᠥᠪ ᠢ | ᠡᠷᠢᠵᠦ᠂ ᠮᠠᠨ ᠤ ᠣᠷᠣᠨ ᠤ ᠨᠢᠭᠡᠳᠦᠮᠡᠯ ᠹᠷᠣᠨᠲ ᠤᠨ ᠠᠵᠢᠯ ᠢ ᠨᠡᠩ ᠰᠢᠨᠵᠢᠯᠡᠬᠦ ᠤᠬᠠᠭᠠᠨᠴᠢ᠂ ᠨᠠᠷᠢᠯᠢᠭ ᠣᠨᠣᠪᠴᠢᠲᠠᠢ᠂ ᠪᠦᠲᠦᠮᠵᠢᠲᠡᠢ ᠰᠠᠶᠢᠲᠤᠷ ᠬᠢᠬᠦ ᠬᠡᠷᠡᠭᠲᠡᠢ᠃ | ᠰᠡᠳᠭᠢᠯ ᠢ ᠨᠢᠭᠡᠳᠭᠡᠨ ᠬᠦᠴᠦ ᠶᠢ ᠬᠠᠮᠳᠤᠳᠬᠠᠬᠤ ᠠᠵᠢᠯ ᠢ ᠰᠡᠳᠭᠢᠯ ᠲᠠᠯᠪᠢᠨ᠂ ᠬᠦᠴᠦ ᠤᠷᠤᠭᠤᠯᠤᠨ ᠰᠠᠶᠢᠲᠤᠷ ᠬᠢᠵᠦ᠂ ︽ᠬᠤᠶᠠᠷ ᠬᠠᠯᠬᠠᠪᠴᠢ︾᠂ ︽ᠬᠤᠶᠠᠷ | ᠰᠠᠭᠤᠷᠢᠨ︾᠂ ︽ᠨᠢᠭᠡ ᠪᠠᠬᠢᠯᠡᠯᠲᠡ︾ ᠶᠢ ᠪᠦᠲᠦᠭᠡᠨ ᠪᠠᠶᠢᠭᠤᠯᠬᠤ ᠵᠡᠷᠭᠡ ᠴᠢᠬᠤᠯᠠ ᠶᠡᠭᠡ ᠡᠭᠦᠷᠭᠡ ᠳᠤ ᠠᠩᠬᠠᠷᠤᠯ ᠶᠢᠨ ᠲᠥᠪᠯᠡᠷᠡᠭᠦᠯᠵᠦ᠂ ᠦᠵᠡᠯ ᠰᠠᠨᠠᠭ᠎ᠠ ᠤᠯᠤᠰ | ᠲᠦᠷᠦ ᠶᠢᠨ ᠬᠦᠲᠦᠯᠦᠨ ᠵᠢᠯᠤᠭᠤᠳᠤᠯᠭ᠎ᠠ ᠶᠢ ᠴᠢᠩᠭᠠᠳᠬᠠᠵᠤ᠂ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠦᠴᠦᠷᠬᠡᠭ | ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠬᠤ ᠬᠠᠷᠠᠯᠲᠠ ᠱᠠᠭᠠᠷᠳᠠᠯᠭ᠎ᠠ ᠲᠠᠢ | ᠬᠠᠷᠭᠤᠭᠤᠯᠵᠤ᠂ ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠶ ᠲᠠᠯ᠎ᠠ ᠶᠢ ᠬᠦᠴᠦᠷᠬᠡᠭᠵᠢᠭᠦᠯᠬᠦ ᠠᠵᠢᠯ ᠢ ᠰᠠᠶᠢᠳᠤᠷ ᠬᠢᠵᠤ᠂ ᠠᠷᠠᠳᠴᠢᠯᠠᠭᠰᠠᠨ ᠨᠠᠮ ᠪᠦᠯᠦᠭ ᠤᠨ | ᠡᠭᠦᠷᠭᠡ ᠴᠢᠳᠠᠪᠬᠢ ᠪᠠᠨ ᠨᠠᠩ ᠰᠠᠶᠢᠲᠤᠷ ᠭᠦᠶᠴᠡᠳᠭᠡᠬᠦ ᠶᠢ ᠳᠡᠮᠵᠢᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠨᠢᠳᠦᠨ ᠳᠤ | ᠦᠵᠡᠭᠳᠡᠮᠠ ᠰᠡᠳᠬᠢᠯ ᠳᠤ ᠰᠠᠭᠤᠭᠳᠠᠮ᠎ᠠ ᠭᠠᠷ ᠲᠤ ᠪᠠᠷᠢᠭᠳᠠᠮ᠎ᠠ ᠪᠠᠳᠤ ᠴᠤᠭᠴᠠᠯᠠᠬᠤ᠂ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠶᠢ | ᠭᠦᠨᠵᠡᠭᠡᠢ ᠠᠬᠢᠭᠤᠯᠬᠤ᠂ ᠵᠠᠰᠠᠭ ᠤᠨ ᠤᠷᠳᠤᠨ ᠪᠠ ᠬᠤᠳᠠᠯᠳᠤᠭᠠᠴᠢᠨ ᠤ ᠳᠤᠳᠤᠨᠤ ᠴᠢᠭᠡᠴᠢ ᠬᠠᠷᠢᠴᠠᠭ᠎ᠠ ᠶᠢ ᠪᠠᠶᠢᠭᠤᠯᠬᠤ᠂ ᠠᠷᠠᠳ ᠤᠨ ᠡᠵᠡᠩᠨᠡᠯᠳᠡ ᠶᠢᠨ ᠠᠵᠤ | ᠠᠬᠤᠶ ᠶᠢ ᠶᠡᠭᠡ ᠪᠠᠷ ᠬᠥᠭᠵᠢᠭᠦᠯᠬᠦ᠂ ᠨᠠᠮ ᠤᠨ ᠭᠠᠳᠠᠨᠠᠬᠢ ᠰᠡᠬᠡᠭᠡᠲᠡᠨ ᠪᠣᠯᠤᠨ ᠨᠡᠶᠢᠭᠡᠮ ᠤᠨ ᠰᠢᠨ᠎ᠡ ᠠᠩᠭᠢ ᠳᠠᠪᠬᠤᠷᠭ᠎ᠠ ᠲᠠᠢ ᠬᠠᠷᠢᠯᠴᠠᠵᠤ ᠨᠡᠪᠲᠡᠷᠡᠯᠴᠡᠬᠦ | ᠲᠣᠭᠲᠡᠴᠡ ᠶᠢ ᠪᠦᠷᠢᠨᠰᠢᠬᠦᠯᠬᠦ᠂ ᠨᠢᠭᠡᠳᠦᠮᠡᠯ ᠹᠷᠣᠨᠲ ᠤᠨ ᠡᠳᠡᠭᠡᠳ ᠢ ᠬᠦᠨᠳᠦᠳᠭᠡᠨ ᠬᠠᠶᠢᠷᠠᠯᠠᠬᠤ᠂ ᠰᠦᠯᠵᠢᠶᠡᠨ ᠤ ᠨᠢᠭᠡᠳᠦᠮᠡᠯ ᠹᠷᠣᠨᠲ ᠢ ᠴᠢᠩᠭᠠᠳᠬᠠᠬᠤ ᠵᠡᠷᠭᠡ | ᠠᠵᠢᠯ ᠢ ᠭᠦᠨᠵᠡᠭᠡᠶ ᠵᠠᠳᠠᠯᠤᠨ ᠰᠤᠳᠤᠯᠵᠤ᠂ ᠪᠠᠶᠢᠳᠠᠯ ᠢ ᠪᠠᠶᠢᠴᠠᠭᠠᠨ ᠲᠣᠳᠣᠯᠠᠵᠤ᠂ ᠭᠡᠮ ᠠᠷᠬᠠᠭ ᠢ ᠤᠨᠤᠪᠴᠢᠳᠠᠢ ᠡᠷᠢᠵᠤ᠂ ᠠᠷᠭᠠᠴᠠᠭᠠᠬᠤ ᠠᠷᠭ᠎ᠠ ᠶᠢ ᠪᠣᠳᠠᠲᠠᠶ | ᠲᠣᠭᠲᠠᠭᠠᠵᠤ᠂ ᠨᠢᠭᠡᠳᠦᠮᠡᠯ ᠹᠷᠣᠨᠲ ᠤᠨ ᠠᠵᠢᠯ ᠤᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠳᠠᠢ ᠭᠡᠵᠤ ᠴᠢᠬᠤᠯᠠᠴᠢᠯᠠᠵᠠᠢ᠃ | ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠢᠭᠡᠳᠦᠮᠡᠯ ᠹᠷᠣᠨᠲ ᠤᠨ ᠠᠵᠢᠯ ᠢ ᠡᠷᠬᠡᠪᠰᠢ ᠬᠢᠬᠦ ᠶᠤᠰᠤᠳᠠᠢ | ᠠᠵᠢᠯ ᠪᠤᠯᠭᠠᠵᠦ᠂ ᠡᠷᠬᠡᠪᠰᠢ ᠰᠠᠶᠢᠲᠤᠷ ᠨᠠᠶᠢᠳᠠᠪᠦᠷᠢᠵᠢᠭᠤᠯᠬᠤ ᠬᠠᠷᠢᠭᠤᠴᠠᠯᠭ᠎ᠠ ᠪᠣᠯᠭᠠᠵᠤ᠂ ᠨᠢᠭᠡᠳᠦᠮᠡᠯ ᠹᠷᠣᠨᠲ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ | ᠴᠢᠩᠭᠠᠳᠬᠠᠵᠤ᠂ ᠲᠣᠭᠲᠠᠭᠠᠭᠰᠠᠨ ᠶᠠᠪᠤᠳᠠᠯ ᠢ ᠱᠠᠯᠠᠪᠳᠠᠨ ᠬᠡᠷᠡᠭᠵᠢᠭᠦᠯᠵᠦ᠂ ᠪᠠᠶᠢᠷᠢᠯᠠᠭᠤᠯᠤᠭᠰᠠᠨ ᠠᠵᠢᠯ ᠢ ᠡᠴᠦᠰ ᠲᠤᠨᠢ ᠲᠤᠯᠲᠠᠯ᠎ᠠ ᠠᠳᠬᠤᠬᠤ ᠬᠡᠷᠡᠭᠲᠡᠢ᠃ | ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠲᠦᠷᠦᠭᠦᠯᠡᠨ ᠶᠡᠷᠦᠩᠬᠡᠶᠢᠯᠡᠨ ᠠᠳᠬᠤᠬᠤ ᠦᠢᠯᠡᠳᠦᠯ ᠢᠶᠠᠨ ᠰᠠᠶᠢᠲᠤᠷ | ᠪᠠᠳᠠᠷᠠᠭᠤᠯᠵᠤ᠂ ᠰᠤᠳᠤᠯᠤᠨ ᠲᠥᠯᠥᠪᠵᠢᠭᠦᠯᠬᠦ ᠪᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠡᠯ᠎ᠡ | ᠨᠢᠭᠡᠴᠢ ᠶᠢᠨ ᠬᠢᠨ ᠴᠥᠮ ᠨᠢᠭᠡᠳᠦᠮᠡᠯ ᠹᠷᠣᠨᠲ ᠤᠨ ᠤᠬᠠᠮᠰᠠᠷ ᠢ ᠴᠢᠩᠭᠠᠳᠬᠠᠵᠤ᠂ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠤᠢ ᠪᠣᠯᠭᠠᠵᠤ᠂ ᠠᠵᠢᠯ | ᠬᠤᠪᠢᠶᠠᠨ ᠬᠠᠮᠵᠢᠯᠴᠠᠬᠤ ᠶᠢ ᠰᠠᠶᠢᠲᠤᠷ ᠬᠢᠬᠦ ᠬᠡᠷᠡᠭᠲᠡᠢ᠃ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠨᠠᠮ ᠤᠨ ᠬᠤᠷᠢᠶ᠎ᠠ ᠳᠤ ᠢᠯᠡᠭᠦᠬᠡᠨ ᠠᠷᠭ᠎ᠠ ᠤᠬᠠᠭᠠᠨ ᠭᠠᠷᠭᠠᠨ | ᠦᠭᠴᠤ᠂ ᠰᠠᠶᠢᠨ ᠠᠷᠭ᠎ᠠ ᠤᠬᠠᠭᠠᠨ ᠭᠠᠷᠭᠠᠨ ᠦᠭᠴᠤ᠂ ᠪᠣᠳᠠᠲᠤ ᠶᠠᠪᠤᠳᠠᠯ ᠢ ᠢᠯᠡᠭᠦᠬᠡᠨ ᠬᠢᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ᠃ ᠥᠷᠭᠡᠨ | ᠤᠯᠠᠨ ᠨᠢᠭᠡᠳᠦᠮᠡᠯ ᠹᠷᠣᠨᠲ ᠤᠨ ᠺᠠᠳ᠋ᠷ ᠲᠤᠰ ᠪᠡᠶ᠎ᠡ ᠶᠢᠨ ᠪᠠᠶᠢᠭᠤᠯᠤᠯᠲᠠ ᠪᠠᠨ ᠰᠠᠶᠢᠲᠤᠷ ᠠᠳᠬᠤᠵᠤ᠂ ᠠᠵᠢᠯ ᠢᠶᠠᠨ ᠰᠠᠶᠢᠲᠤᠷ ᠬᠢᠬᠦ ᠡᠷᠳᠡᠮ ᠴᠢᠳᠠᠪᠤᠷᠢ ᠪᠠᠨ | ᠨᠡᠮᠡᠭᠳᠡᠭᠦᠯᠬᠦ ᠬᠡᠷᠡᠭᠲᠡᠢ ᠭᠡᠵᠤ ᠴᠢᠬᠤᠯᠠᠴᠢᠯᠠᠵᠠᠢ᠃ |