ᠸᠠᠩ ᠯᠢ ᠰᠢᠶᠠ ᠪᠦᠬᠦ ᠣᠷᠣᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠶ ᠦᠶᠯᠡᠳᠪᠦᠷᠢᠯᠡᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/8/24


      8 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠸᠢᠳᠢᠣ᠋ ᠬᠤᠷᠠᠯ ᠬᠤᠷᠠᠯᠳᠤᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠲᠠᠬᠢᠨ ᠪᠠᠶᠢᠷᠢᠯᠠᠭᠤᠯᠵᠤ ᠲᠠᠬᠢᠨ ᠠᠬᠢᠭᠤᠯᠵᠤ ᠲᠠᠬᠢᠨ ᠨᠠᠶᠢᠳᠠᠪᠤᠷᠢᠵᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃
      ᠸᠠᠩ ᠯᠢ ᠰᠢᠶᠠ᠂ ᠤᠢᠢᠷ᠎ᠠ ᠶᠢᠨ ᠬᠤᠭᠤᠴᠠᠭᠠᠨ ᠳᠤ ᠮᠠᠨ ᠤ ᠣᠷᠣᠨ ᠳᠤ ᠦᠶᠡᠷ ᠤᠰᠤᠲᠤᠯ ᠤᠨ ᠭᠠᠮᠰᠢᠭ ᠪᠣᠯᠤᠨ ᠭᠠᠩ ᠬᠠᠭᠰᠠᠷᠠᠭᠠᠨ ᠵᠡᠷᠭᠡ ᠪᠠᠷ ᠣᠷᠣᠰᠢᠵᠤ ᠪᠠᠶᠢᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠬᠦ ᠬᠡᠷᠡᠭᠲᠡᠢ᠃ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠪᠠᠨ ᠴᠢᠩᠭᠠᠳᠬᠠᠵᠤ᠂ ᠬᠠᠴᠢᠨ ᠠᠭᠤᠷ ᠠᠮᠢᠰᠬᠤᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ  ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠨᠡᠶᠢᠲᠡᠯᠡᠬᠦ ᠬᠡᠷᠡᠭᠲᠡᠶ᠃ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠲᠣᠭᠤᠷᠢᠨ ᠪᠠᠶᠢᠴᠠᠭᠠᠵᠤ ᠰᠡᠷᠭᠡᠶᠢᠯᠡᠨ ᠬᠠᠮᠠᠭᠠᠯᠠᠬᠤ᠂ ᠪᠠᠶᠢᠴᠠᠭᠠᠵᠤ ᠬᠠᠮᠢᠶᠠᠷᠤᠨ ᠬᠠᠮᠠᠭᠠᠯᠠᠬᠤ ᠶᠢ ᠴᠢᠩᠭᠠᠳᠬᠠᠵᠤ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠢ ᠴᠢᠩᠭᠠᠳᠬᠠᠵᠤ᠂ ᠪᠤᠳᠠᠳᠤ ᠪᠠᠶᠢᠯᠳᠤᠭᠠᠨ ᠤ ᠰᠣᠷᠢᠯᠲᠠ ᠶᠢ ᠴᠢᠩᠭᠠᠳᠬᠠᠵᠤ᠂ ᠠᠪᠤᠷᠠᠨ ᠲᠤᠰᠠᠯᠠᠬᠤ ᠡᠩᠨᠡᠭᠡ ᠶᠢ ᠪᠠᠶᠢᠯᠳᠤᠭᠠᠨ ᠤ ᠡᠮᠦᠨᠡᠬᠢ ᠪᠠᠶᠢᠳᠠᠯ ᠳᠤ ᠪᠠᠶᠢᠯᠭᠠᠬᠤ ᠶᠢ ᠪᠠᠳᠤᠯᠠᠵᠤ᠂ ᠠᠶᠤᠯ ᠠᠴᠠ ᠠᠪᠤᠷᠠᠬᠤ ᠡᠳ᠋ ᠪᠣᠳᠠᠰ ᠢ ᠪᠡᠯᠡᠳᠭᠡᠪᠡᠯ ᠵᠤᠬᠢᠬᠤ ᠶᠢ ᠨᠢ ᠪᠦᠬᠦᠨ ᠢ ᠪᠡᠯᠡᠳᠭᠡᠬᠦ ᠬᠡᠷᠡᠭᠲᠡᠢ᠃ ᠠᠶᠤᠯ ᠭᠠᠮᠰᠢᠭ ᠠᠴᠠ ᠠᠪᠤᠷᠠᠬᠤ ᠠᠵᠢᠯ ᠢ ᠰᠠᠶᠢᠲᠤᠷ ᠬᠢᠵᠦ᠂ ᠠᠰᠢᠭᠳᠠᠢ ᠰᠢᠳᠠᠷ᠎ᠠ ᠶᠢ ᠢᠯᠡᠭᠦᠭᠡᠨ ᠲᠠᠯᠪᠢᠵᠤ᠂  ᠰᠠᠨᠠᠭᠠᠴᠢᠯᠠᠭᠠᠲᠤ ᠳᠠᠶᠢᠨ ᠢ ᠢᠯᠡᠭᠦᠭᠡᠨ ᠬᠢᠵᠦ᠂ ᠤᠯᠠᠨ ᠰᠠᠯᠠᠭ᠎ᠠ ᠮᠥᠴᠢᠷ ᠬᠤᠯᠪᠣᠭᠠᠯᠠᠨ ᠠᠵᠢᠯᠯᠠᠵᠤ ᠪᠠᠲᠤᠯᠠᠭ᠎ᠠ ᠶᠢᠨ ᠠᠵᠢᠯ ᠢ ᠥᠷᠨᠢᠭᠦᠯᠵᠦ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠭᠠᠮᠰᠢᠭ ᠤᠨ ᠠᠳᠡᠯ ᠤᠨ ᠮᠡᠳᠡᠯᠭᠡ ᠪᠣᠯᠤᠨ ᠰᠡᠷᠭᠡᠶᠢᠯᠡᠨ ᠠᠷᠭᠠᠴᠠᠭᠠᠬᠤ ᠦᠨᠳᠦᠰᠦᠨ ᠤᠷ᠎ᠠ ᠴᠢᠳᠠᠪᠤᠷᠢ ᠶᠢ ᠲᠦᠭᠡᠮᠡᠯᠵᠢᠭᠦᠯᠵᠦ᠂ ᠣᠯᠠᠨ ᠲᠦᠮᠡᠨ ᠤ ᠭᠠᠮᠰᠢᠭ ᠤᠨ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠪᠣᠯᠤᠨ ᠴᠢᠳᠠᠪᠤᠷᠢ ᠶᠢ ᠤᠯᠠᠮ ᠴᠢᠨᠠᠬᠰᠢᠳᠠ ᠨᠡᠮᠡᠭᠳᠡᠭᠦᠯᠬᠦ ᠬᠡᠷᠡᠭᠲᠡᠶ ᠭᠡᠵᠤ ᠬᠡᠯᠡᠪᠡ᠃
      ᠸᠠᠩ ᠯᠢ ᠰᠢᠶᠠ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠨᠠᠷᠢᠨ ᠪᠤᠳᠤᠯᠢᠶᠠᠨᠲᠠᠢ ᠬᠦᠨᠳᠦ ᠨᠣᠴᠢᠲᠠᠢ ᠪᠠᠶᠢᠨ᠎ᠠ᠂ ᠡᠷᠬᠡᠪᠰᠢ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠤᠳᠤᠯᠭ᠎ᠠ ᠪᠣᠯᠤᠨ ︽ᠡᠪᠡᠳᠴᠢᠨ ᠤ ᠵᠢᠱᠢᠶ᠎ᠠ ᠶᠢ ᠦᠭᠡᠢ ᠪᠤᠯᠭᠠᠬᠤ︾ ᠶᠡᠷᠦᠩᠬᠡᠢ ᠴᠢᠭᠯᠡᠯᠲᠡ ᠶᠢ ᠪᠣᠳᠠᠲᠠᠢ ᠳᠤ ᠡᠷᠡᠰ ᠨᠠᠶᠢᠳᠠᠪᠤᠷᠢᠵᠢᠭᠤᠯᠬᠤ ᠬᠡᠷᠡᠭᠲᠡᠢ᠃ ᠰᠡᠷᠭᠡᠶᠢᠯᠡᠨ ᠡᠵᠡᠮᠳᠡᠬᠦ ᠲᠥᠰᠦᠯ ᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠲᠣᠭᠲᠠᠭᠰᠠᠨ ᠴᠠᠭ᠂ ᠵᠠᠩᠭᠢᠯᠠᠭ᠎ᠠ ᠶᠢᠨ ᠴᠡᠭ᠂ ᠬᠡᠰᠡᠭ ᠵᠤᠷᠪᠤᠰ ᠬᠤᠪᠢᠶᠠᠨ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠥᠰᠦᠯ ᠢ ᠲᠣᠭᠲᠠᠭᠠᠵᠤ᠂ ᠪᠡᠯᠡᠳᠭᠡᠯ ᠲᠠᠢ ᠪᠣᠯ ᠪᠠᠯᠢᠳᠠᠬᠤ ᠦᠭᠡᠢ᠂ ᠪᠠᠶᠢᠩᠭᠤ ᠪᠡᠯᠡᠳᠭᠡᠯ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠭᠤᠤᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠵᠦ᠂ ᠬᠠᠷᠢᠶ᠎ᠠ ᠭᠠᠵᠠᠷ ᠤᠨ ︽ᠨᠢᠭᠡᠳᠦᠭᠡᠷ ᠲᠤᠰᠤᠯᠲᠠ︾ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠳᠤᠮᠳᠠ ᠥᠨᠳᠥᠷ ᠲᠦᠭᠰᠢᠭᠦᠷᠢᠲᠦ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠢ ᠨᠠᠶᠢᠳᠠᠪᠤᠷᠢᠵᠢᠭᠤᠯᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠳᠠᠷᠬᠠᠨ ᠳᠡᠯᠭᠡᠷᠡᠬᠦ ᠬᠡᠯᠬᠢᠶ᠎ᠡ ᠶᠢ ᠡᠷᠡᠰ ᠲᠠᠰᠤᠯᠬᠤ ᠬᠡᠷᠡᠭᠲᠡᠶ᠃ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠣᠳᠠᠲᠠᠶᠢᠵᠢᠭᠤᠯᠵᠤ᠂ ᠪᠥᠭᠡᠮ ᠬᠦᠴᠢᠯ ᠤᠨ ᠪᠠᠶᠢᠴᠠᠭᠠᠯᠳᠠ ᠶᠢᠨ ᠴᠢᠳᠠᠪᠤᠷᠢ᠂ ᠴᠢᠩᠭᠡᠯᠢᠭ ᠡᠮᠨᠡᠯᠭᠡ ᠶᠢᠨ ᠬᠤᠷᠢᠶᠠᠨ ᠤ ᠡᠪᠡᠳᠴᠢᠲᠡᠨ ᠤ ᠣᠷᠣ ᠶᠢᠨ ᠲᠤᠭ᠎ᠠ᠂ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ ᠤᠨ ᠬᠡᠪᠴᠢᠶ᠎ᠡ᠂ ᠠᠮᠢᠳᠤᠷᠠᠯ ᠪᠠ ᠡᠮᠴᠢᠯᠡᠭᠡᠨ ᠤ ᠡᠳ᠋ ᠪᠣᠳᠠᠰ ᠤᠨ ᠨᠥᠭᠡᠴᠡ ᠶᠢᠨ ᠬᠡᠮᠵᠢᠶ᠎ᠡ ᠶᠢ ᠭᠦᠶᠴᠡᠳ ᠪᠡᠯᠡᠳᠭᠡᠬᠦ ᠬᠡᠷᠡᠭᠲᠡᠶ᠃ ᠭᠤᠣᠯᠳᠠᠯᠭ᠎ᠠ ᠲᠠᠢ ᠣᠷᠣᠨ ᠪᠠᠶᠢᠷᠢ ᠶᠢ ᠰᠠᠶᠢᠲᠤᠷ ᠬᠢᠨᠠᠨ ᠬᠠᠮᠢᠶᠠᠷᠴᠤ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠬᠤ ᠬᠡᠷᠡᠭᠲᠡᠢ᠃ ᠪᠣᠭᠤᠮᠲᠠ ᠦᠩᠭᠡᠷᠡᠬᠦ ᠰᠠᠭᠠᠳ ᠥᠬᠡᠶ ᠨᠡᠪᠲᠡᠷᠡᠬᠦ ᠶᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠬᠢᠯᠢ ᠶᠢᠨ ᠳᠣᠲᠣᠨ᠎ᠠ ᠭᠠᠳᠠᠨᠠᠬᠢ ᠬᠡᠪ ᠤᠨ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠶᠯᠭᠡᠭᠡ ᠪᠠ ᠠᠵᠤ ᠦᠶᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
      ᠸᠠᠩ ᠯᠢ ᠰᠢᠶᠠ᠂ ᠪᠦᠬᠦ ᠣᠷᠣᠨ ᠳᠠᠶᠠᠭᠠᠷ ᠠᠶᠤᠯᠭᠦᠢ ᠦᠢᠯᠡᠳᠪᠦᠷᠢᠯᠡᠯ ᠢ ᠲᠡᠷᠢᠭᠦᠨ ᠴᠢᠬᠤᠯᠠ ᠶᠡᠭᠡ ᠶᠠᠪᠤᠳᠠᠯ ᠪᠣᠯᠭᠠᠵᠤ᠂ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠯ᠎ᠡ ᠲᠦᠷᠦᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠡᠷᠡᠰ ᠬᠤᠷᠢᠭᠯᠠᠬᠤ ᠬᠡᠷᠡᠭᠲᠡᠢ᠃ ᠠᠰᠠᠭᠤᠳᠠᠯ ᠤᠨ ᠬᠡᠮ ᠰᠣᠭᠤᠭ ᠢ ᠴᠢᠩᠭ᠎ᠠ ᠠᠩᠬᠠᠷᠴᠤ᠂ ᠣᠨᠣᠪᠴᠢᠲᠠᠶ ᠵᠢᠭᠰᠠᠭᠠᠨ ᠪᠠᠶᠢᠴᠠᠭᠠᠵᠤ᠂ ᠨᠠᠷᠢᠨ ᠲᠠᠩᠰᠠ ᠶᠢᠨ ᠬᠡᠯᠪᠡᠷᠢ ᠪᠠᠷ ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠨᠢ ᠬᠠᠰᠤᠬᠤ ᠬᠡᠷᠡᠭᠲᠡᠶ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠩᠬᠠᠷᠴᠤ᠂ ᠠᠶᠤᠯᠭᠦᠢ ᠦᠢᠯᠡᠳᠪᠦᠷᠢᠯᠡᠯ ᠤᠨ ᠤᠳᠤᠷᠢᠳᠬᠤ ᠬᠠᠷᠢᠭᠤᠴᠠᠯᠭ᠎ᠠ᠂ ᠬᠢᠨᠠᠨ ᠬᠠᠮᠢᠶᠠᠷᠬᠤ ᠬᠠᠷᠢᠭᠤᠴᠠᠯᠭ᠎ᠠ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠤᠳᠠᠳᠠᠢ ᠳᠤ ᠨᠠᠶᠢᠳᠠᠪᠦᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠬᠥᠮᠦᠰ ᠢ ᠴᠢᠩᠭ᠎ᠠ ᠠᠩᠬᠠᠷᠴᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠭᠡᠮ ᠰᠣᠭᠤᠭ ᠢ ᠴᠤᠬᠤᠶᠢᠬᠤ ᠪᠠᠶᠢᠳᠠᠯ ᠳᠤᠨᠢ ᠠᠷᠢᠯᠭᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠤᠨ ᠶᠡᠭᠡ ᠲᠠᠯ᠎ᠠ ᠶᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ

ᠴᠢᠬᠤᠯᠠᠴᠢᠯᠠᠪᠠ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠤ ᠰᠢᠶᠠᠨ ᠬᠤᠸᠠ᠂ ᠵᠧᠩ ᠭᠤᠸᠠᠩ ᠵᠤᠤ ᠬᠤᠷᠠᠯ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ