ᠦᠰᠦᠭ ᠪᠢᠴᠢᠭ ᠢᠶᠠᠷ ᠥᠭᠦᠯᠡᠬᠦᠢ᠄ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ ᠵᠢᠷᠤᠮᠵᠢᠭᠤᠯᠬᠤ ᠳᠥᠭᠦᠮᠴᠢᠯᠡᠬᠦ ᠶᠢ ᠲᠦᠷᠭᠡᠳᠬᠡᠨ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2022/8/25

      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ ᠵᠢᠷᠤᠮᠵᠢᠭᠤᠯᠬᠤ ᠳᠥᠭᠦᠮᠴᠢᠯᠡᠬᠦ ᠶᠢ ᠲᠦᠷᠭᠡᠳᠬᠡᠨ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ﹇2022﹈ 20 ᠳ᠋ᠤᠭᠠᠷ ᠲᠣᠭᠠᠲᠤ᠂ ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠪᠠᠷ ︽ᠬᠡᠷᠡᠭᠵᠢᠭᠦᠯᠬᠦ ᠰᠠᠨᠠᠯ︾ ᠤᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠣᠶᠢᠯᠠᠭᠠᠬᠤ ᠳᠤ ᠲᠥᠬᠦᠮ ᠦᠵᠡᠭᠦᠯᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠬᠤ ᠶᠢᠨ ᠲᠤᠰᠠᠳᠠ᠂ ᠡᠳᠦᠭᠡ ᠳᠣᠣᠷᠠᠬᠢ ᠮᠡᠲᠦ ᠪᠠᠷ ᠲᠠᠶᠢᠯᠤᠮᠵᠢ ᠬᠢᠪᠡ᠃

      ᠨᠢᠭᠡ᠂ ︽ᠬᠡᠷᠡᠭᠵᠢᠭᠦᠯᠬᠦ ᠰᠠᠨᠠᠯ︾ ᠳᠤ ᠶᠠᠮᠠᠷ ᠬᠠᠷᠠᠯᠲᠠ ᠶᠢ ᠲᠣᠭᠲᠠᠭᠠᠭᠰᠠᠨ ᠪᠤᠢ︖

      ︽ᠬᠡᠷᠡᠭᠵᠢᠭᠦᠯᠬᠦ ᠰᠠᠨᠠᠯ︾ ᠳᠤ᠂ 2022 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠵᠡᠷᠭᠡ ᠲᠠᠪᠤᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠬᠦ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃ 2025 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ ᠵᠢᠷᠤᠮᠵᠢᠭᠤᠯᠬᠤ ᠳᠥᠭᠦᠮᠴᠢᠯᠡᠬᠦ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ︽ᠰᠦᠯᠵᠢᠶᠡᠨ ᠳᠡᠭᠡᠷ᠎ᠡ ᠭᠦᠢᠴᠡᠳᠬᠡᠬᠦ᠂ ᠠᠯᠠᠭᠠᠨ ᠳᠡᠭᠡᠷ᠎ᠡ ᠪᠠᠨ ᠭᠦᠢᠴᠡᠳᠬᠡᠬᠦ᠂ ᠣᠶᠢᠷ᠎ᠠ ᠬᠠᠪᠢ ᠳᠤ ᠪᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠨᠠᠩ ᠲᠥᠬᠦᠮ ᠳᠥᠲᠡ ᠪᠥᠭᠡᠳ ᠲᠦᠷᠭᠡᠨ ᠪᠣᠯᠭᠠᠨ᠎ᠠ᠃

      ᠬᠤᠶᠠᠷ᠂ ︽ᠬᠡᠷᠡᠭᠵᠢᠭᠦᠯᠬᠦ ᠰᠠᠨᠠᠯ︾ ᠳᠤ ᠶᠠᠮᠠᠷ ᠶᠠᠮᠠᠷ ᠡᠭᠦᠷᠭᠡ ᠶᠢ ᠲᠣᠬᠢᠷᠠᠭᠤᠯᠤᠭᠰᠠᠨ ᠪᠤᠢ︖

      ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠶᠢ ᠠᠬᠢᠭᠤᠯᠬᠤ ᠪᠠ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠵᠡᠷᠭᠡ 4 ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ 18 ᠵᠦᠢᠯ ᠤᠨ ᠡᠭᠦᠷᠭᠡ ᠶᠢᠨ 40 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠭᠰᠠᠨ ᠪᠥᠭᠡᠳ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠪᠠ᠃

      ︵ᠨᠢᠭᠡ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠶᠢ ᠠᠬᠢᠭᠤᠯᠬᠤ ᠲᠠᠯ᠎ᠠ ᠪᠠᠷ᠂ ᠨᠢᠭᠡ ᠳᠤ᠂ ᠦᠢᠯᠡᠴᠢᠯᠡᠭᠡᠨ ᠤ ᠵᠦᠢᠯᠡᠰ ᠢ ᠪᠠᠷᠢᠮᠵᠢᠶᠠᠵᠢᠭᠤᠯᠬᠤ ᠶᠢ ᠠᠬᠢᠭᠤᠯᠤᠨ᠎ᠠ᠃ ᠪᠥᠬᠦ ᠣᠷᠣᠨ ᠤ ᠡᠯ᠎ᠡ ᠲᠠᠰ ᠳᠠᠪᠬᠤᠷᠭ᠎ᠠ ᠶᠢᠨ ᠠᠳᠠᠯᠢ ᠨᠢᠭᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠭᠠᠷᠴᠠᠭ ᠤᠨ ᠲᠣᠳᠣᠷᠬᠠᠢ ᠬᠠᠭᠤᠳᠠᠰᠤ ᠶᠢ ᠨᠢᠭᠡᠳᠦᠯᠲᠡᠢ ᠪᠠᠶᠢᠯᠭᠠᠬᠤ ᠶᠢ ᠠᠬᠢᠭᠤᠯᠵᠤ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠳᠠᠭᠠᠳᠬᠠᠯ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ᠭᠠᠷᠴᠠᠭ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠭᠠᠷᠴᠠᠭ ᠲᠤ ᠨᠢᠭᠡᠳᠦᠯᠲᠡᠢ ᠣᠷᠣᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠦᠨᠳᠦᠰᠦᠨ ᠭᠠᠷᠴᠠᠭ᠂ ᠬᠡᠷᠡᠭᠵᠢᠭᠦᠯᠬᠦ ᠲᠣᠳᠣᠷᠬᠠᠢ ᠬᠠᠭᠤᠳᠠᠰᠤ ᠶᠢ ᠬᠢᠨᠠᠨ ᠬᠠᠷᠭᠤᠭᠤᠯᠵᠤ ᠨᠡᠶᠢᠲᠡᠯᠡᠬᠦ ᠪᠠ ᠬᠥᠳᠡᠯᠦᠩᠭᠦᠢ ᠪᠠᠷ ᠬᠠᠮᠢᠶᠠᠷᠬᠤ ᠶᠢ ᠬᠡᠷᠡᠭᠵᠢᠭᠦᠯᠦᠨ᠎ᠡ᠃ ᠬᠤᠶᠠᠷ ᠲᠤ᠂ ᠲᠣᠳᠣᠷᠬᠠᠢ ᠬᠠᠭᠤᠳᠠᠰᠤ ᠶᠢ ᠪᠠᠷᠢᠮᠵᠢᠶᠠᠵᠢᠭᠤᠯᠬᠤ ᠶᠢ ᠬᠡᠷᠡᠭᠵᠢᠭᠦᠯᠦᠨ᠎ᠡ᠃ ᠤᠯᠤᠰ ᠪᠠ ᠣᠷᠣᠨ ᠨᠤᠲᠤᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠲᠣᠳᠣᠷᠬᠠᠢ ᠬᠠᠭᠤᠳᠠᠰᠤ ᠶᠢᠨ ᠴᠢᠬᠤᠯᠠ ᠡᠯᠧᠮᠧᠨ᠋ᠲ ᠢ ᠨᠢᠭᠡᠳᠬᠡᠬᠦ ᠶᠢ ᠠᠬᠢᠭᠤᠯᠤᠨ᠎ᠠ᠃ ᠭᠤᠷᠪᠠ ᠳᠤ᠂ ᠪᠠᠷᠢᠮᠵᠢᠶ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠷᠢᠭᠤᠴᠠᠯᠭ᠎ᠠ ᠪᠠ ᠪᠠᠷᠢᠮᠵᠢᠶ᠎ᠠ ᠶᠢᠨ ᠲᠣᠭᠲᠠᠯᠴᠠᠭ᠎ᠠ ᠶᠢ ᠵᠣᠬᠢᠶᠠᠨ ᠪᠠᠶᠢᠭᠤᠯᠤᠨ ᠪᠦᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠲᠠᠪᠤᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠷᠡᠲᠦ ᠲᠡᠮᠳᠡᠭᠲᠦ ᠶᠢᠨ ᠳᠦᠷᠢ ᠲᠥᠷᠬᠦ᠂ ᠦᠢᠯᠡᠴᠢᠯᠡᠭᠡᠨ ᠤ ᠪᠠᠷᠢᠮᠵᠢᠶ᠎ᠠ᠂ ᠰᠢᠯᠭᠠᠨ ᠬᠢᠨᠠᠬᠤ ᠪᠠᠷᠢᠮᠵᠢᠶ᠎ᠠ ᠶᠢ ᠨᠢᠭᠡᠳᠬᠡᠨ᠎ᠡ᠃

      ︵ᠬᠤᠶᠠᠷ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠢᠷᠤᠮᠵᠢᠭᠤᠯᠤᠯᠲᠠ ᠶᠢ ᠠᠬᠢᠭᠤᠯᠬᠤ ᠲᠠᠯ᠎ᠠ ᠪᠠᠷ᠂ ᠨᠢᠭᠡ ᠳᠤ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠵᠢᠷᠤᠮᠵᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠡᠷᠡᠭᠵᠢᠭᠦᠯᠦᠯᠲᠡ ᠶᠢᠨ ᠲᠣᠳᠣᠷᠬᠠᠢ ᠬᠠᠭᠤᠳᠠᠰᠤ ᠶᠢ ᠴᠢᠩᠭ᠎ᠠ ᠵᠢᠷᠤᠮᠠᠯᠵᠤ ᠪᠠᠶᠢᠭᠠᠳ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡ ᠬᠠᠩᠭᠠᠵᠤ᠂ ᠭᠦᠢᠴᠡᠳᠬᠡᠬᠦ ᠭᠤᠭᠴᠤᠭ᠎ᠠ ᠪᠠ ᠭᠤᠶᠤᠴᠢᠯᠠᠬᠤ ᠮᠠᠲ᠋ᠧᠷᠢᠶᠠᠯ ᠢ ᠢᠯᠡᠭᠦᠴᠡ ᠨᠡᠮᠡᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠨᠡᠮᠡᠵᠦ ᠪᠣᠯᠬᠤ ᠦᠭᠡᠢ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠦᠯᠵᠢᠶᠡᠨ ᠳᠡᠭᠡᠷᠡᠬᠢ ᠵᠠᠭᠤᠴᠢ ᠦᠢᠯᠡᠴᠢᠯᠡᠭᠡᠨ ᠤ ᠬᠡᠲᠦ ᠳᠡᠯᠭᠡᠭᠦᠷ ᠢ ᠰᠦᠯᠵᠢᠶᠡᠨ ᠳᠤ ᠨᠡᠪᠲᠡᠷᠡᠭᠦᠯᠬᠦ ᠶᠢ ᠠᠬᠢᠭᠤᠯᠵᠤ᠂ ᠦᠢᠯᠡᠴᠢᠯᠡᠭᠡᠨ ᠤ ᠵᠦᠭᠯᠡᠭᠦᠷ ᠢ ᠢᠯᠡ ᠪᠣᠯᠭᠠᠨ᠂ ᠦᠢᠯᠡᠴᠢᠯᠡᠭᠡᠨ ᠤ ᠨᠥᠬᠦᠴᠡᠯ᠂ ᠴᠤᠪᠤᠷᠠᠯ᠂ ᠴᠠᠭ ᠤᠨ ᠬᠢᠵᠠᠭᠠᠷ ᠪᠠ ᠰᠦᠢᠳᠬᠡᠯ ᠬᠤᠷᠢᠶᠠᠬᠤ ᠪᠠᠷᠢᠮᠵᠢᠶ᠎ᠠ ᠵᠡᠷᠭᠡ ᠬᠦᠴᠦᠨ ᠵᠦᠢᠯ ᠢ ᠲᠣᠳᠣᠷᠬᠠᠶᠢᠯᠠᠵᠤ᠂ ᠠᠵᠤ ᠠᠬᠤᠶᠢᠯᠠᠯ ᠢ ᠠᠯᠪᠠᠳᠠᠵᠤ ᠪᠠᠶᠢᠭᠠᠳ ᠣᠨᠴᠠ ᠲᠣᠭᠲᠠᠭᠰᠠᠨ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢ ᠰᠣᠩᠭᠤᠭᠤᠯᠵᠤ ᠪᠣᠯᠬᠤ ᠦᠭᠡᠢ᠃ ᠬᠤᠶᠠᠷ ᠲᠤ᠂ ᠦᠢᠯᠡᠴᠢᠯᠡᠭᠡᠨ ᠤ ᠲᠠᠯᠠᠪᠤᠷ ᠢ ᠵᠢᠷᠤᠮᠵᠢᠭᠤᠯᠤᠨ᠎ᠠ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠢ ᠪᠦᠬᠦᠨ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠪᠣᠯᠭᠠᠵᠤ᠂ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡ ᠶᠢ ᠲᠥᠪᠯᠡᠷᠡᠭᠦᠯᠦᠨ ᠬᠠᠩᠭᠠᠵᠤ᠂ ᠦᠢᠯᠡᠴᠢᠯᠡᠭᠡᠨ ᠤ ᠴᠣᠩᠬᠤᠪᠴᠢ ᠶᠢ ᠵᠣᠬᠢᠰᠲᠠᠢ ᠲᠣᠬᠢᠷᠠᠭᠤᠯᠤᠨ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠦᠨ᠎ᠡ᠃ ᠭᠤᠷᠪᠠ ᠳᠤ᠂ ᠰᠦᠯᠵᠢᠶᠡᠨ ᠳᠡᠭᠡᠷᠡᠬᠢ ᠦᠢᠯᠡᠴᠢᠯᠡᠭᠡ ᠶᠢ ᠵᠢᠷᠤᠮᠵᠢᠭᠤᠯᠤᠨ᠎ᠠ᠃ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠣᠷᠤᠴᠠ ᠶᠢ ᠨᠢᠭᠡᠳᠦᠯᠲᠡᠢ ᠲᠥᠯᠥᠪᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡᠳᠦᠯᠲᠡᠢ ᠬᠠᠩᠭᠠᠵᠤ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠰᠢᠢᠳᠪᠦᠷᠢᠯᠡᠬᠦ ᠳᠤ ︽ᠨᠢᠭᠡ ᠯᠡ ᠤᠳᠠᠭ᠎ᠠ ᠳᠤ ᠳᠠᠩᠰᠠᠯᠠᠭᠤᠯᠬᠤ᠂ ᠤᠯᠠᠨ ᠴᠡᠭ ᠲᠤ ᠬᠠᠷᠢᠯᠴᠠᠨ ᠮᠡᠳᠡᠷᠡᠬᠦ᠂ ᠪᠦᠬᠦ ᠰᠦᠯᠵᠢᠶ᠎ᠡ ᠳᠤ ᠨᠡᠶᠢᠳᠡᠮ ᠨᠡᠪᠲᠡᠷᠡᠭᠦᠯᠬᠦ︾ ᠶᠢ ᠪᠡᠶᠡᠯᠡᠭᠦᠯᠦᠨ᠎ᠡ᠃ ᠬᠥᠬᠡᠬᠤᠲᠠ᠂ ᠪᠤᠭᠤᠲᠤ᠂ ᠣᠷᠳᠣᠰ᠂ ᠤᠯᠠᠭᠠᠨᠴᠠᠪ ᠲᠤ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠶᠠᠪᠤᠳᠠᠯ︾ ᠤᠨ ᠲᠤᠷᠰᠢᠯᠲᠠ ᠶᠢ ᠥᠷᠨᠢᠭᠦᠯᠵᠦ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠴᠢᠳᠠᠮᠵᠢ ᠶᠢ ᠨᠡᠮᠡᠭᠳᠡᠭᠦᠯᠦᠨ᠎ᠡ᠃ ᠳᠥᠷᠪᠡ ᠳᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠦᠢᠯᠡᠴᠢᠯᠡᠭᠡ ᠶᠢ ᠵᠢᠷᠤᠮᠵᠢᠭᠤᠯᠤᠨ᠎ᠠ᠃ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠵᠡᠷᠭᠡ ᠳᠤ ᠨᠢ ᠦᠢᠯᠡᠴᠢᠯᠡᠵᠦ᠂ ᠭᠤᠶᠤᠴᠢᠯᠠᠭᠴᠢ ᠰᠦᠯᠵᠢᠶᠡᠨ ᠠᠴᠠ ᠭᠠᠳᠠᠨ᠎ᠠ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ ᠪᠠᠨ᠂ ᠭᠤᠶᠤᠴᠢᠯᠠᠬᠤ ᠮᠠᠲ᠋ᠧᠷᠢᠶᠠᠯ ᠢ ᠤᠷᠢᠳ ᠢᠶᠠᠷ ᠰᠦᠯᠵᠢᠶᠡᠨ ᠳᠡᠭᠡᠷ᠎ᠡ ᠠᠴᠠ ᠪᠣᠯᠵᠣᠬᠤ ᠪᠤᠶᠤ ᠰᠦᠯᠵᠢᠶᠡᠨ ᠳᠡᠭᠡᠷ᠎ᠡ ᠲᠤᠰᠢᠶᠠᠯᠭᠠᠬᠤ ᠪᠠᠷ ᠠᠯᠪᠠᠳᠠᠵᠤ ᠪᠣᠯᠬᠤ ᠦᠭᠡᠢ᠂ ᠠᠵᠤ ᠠᠬᠤᠶᠢᠯᠠᠯ ᠪᠠ ᠣᠯᠠᠨ ᠲᠦᠮᠡᠨ ᠭᠦᠢᠴᠡᠳᠬᠡᠬᠦ ᠠᠷᠭ᠎ᠠ ᠵᠠᠮ ᠢᠶᠠᠨ ᠡᠵᠡᠨ ᠮᠡᠳᠡᠨ ᠰᠣᠩᠭᠤᠵᠤ᠂ ᠢᠯᠭᠠᠭ᠎ᠠ ᠦᠭᠡᠢ ᠭᠥᠯᠢᠶᠡᠨ ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠭᠦᠢᠴᠡᠳᠬᠡᠬᠦ ᠶᠢ ᠪᠡᠶᠡᠯᠡᠭᠦᠯᠬᠦ ᠬᠡᠷᠡᠭᠲᠡᠢ᠃ ᠲᠠᠪᠤ ᠳᠤ᠂ ᠦᠨᠡᠯᠡᠨ ᠵᠢᠱᠢᠯᠲᠡ ᠥᠷᠨᠢᠭᠦᠯᠬᠦ ᠶᠢ ᠵᠢᠷᠤᠮᠵᠢᠭᠤᠯᠤᠨ᠎ᠠ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ᠂ ᠲᠠᠪᠴᠠᠩ᠂ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠭᠦᠢᠴᠡᠳ ᠠᠰᠢᠭᠯᠠᠨ᠂ ︽ᠰᠠᠶᠢᠨ ᠮᠠᠭᠤ ᠦᠨᠡᠯᠡᠯᠲᠡ︾ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠦᠨ᠎ᠡ᠃

      ︵ᠭᠤᠷᠪᠠ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠥᠭᠦᠮᠴᠢᠯᠡᠯᠲᠡ ᠶᠢ ᠠᠬᠢᠭᠤᠯᠬᠤ ᠲᠠᠯ᠎ᠠ ᠪᠠᠷ᠂ ᠨᠢᠭᠡ ᠳᠤ᠂ ᠦᠢᠯᠡᠴᠢᠯᠡᠭᠡᠨ ᠤ ᠵᠦᠢᠯᠡᠰ ᠢ ᠲᠥᠪᠯᠡᠷᠡᠭᠦᠯᠦᠨ ᠭᠦᠢᠴᠡᠳᠬᠡᠬᠦ ᠶᠢ ᠠᠬᠢᠭᠤᠯᠤᠨ᠎ᠠ᠃ ︽ᠨᠢᠭᠡ ᠬᠦᠰᠦᠨᠦᠭᠲᠦ ᠬᠠᠭᠤᠳᠠᠰᠤ︾ ᠪᠠᠷ ᠭᠤᠶᠤᠴᠢᠯᠠᠬᠤ᠂ ︽ᠨᠢᠭᠡ ᠢᠵᠢ ᠮᠠᠲ᠋ᠧᠷᠢᠶᠠᠯ︾ ᠢ ᠭᠥᠯᠢᠶᠡᠨ ᠠᠪᠴᠤ ᠰᠢᠢᠳᠪᠦᠷᠢᠯᠡᠬᠦ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ︽ᠨᠢᠭᠡ ᠯᠡ ᠤᠳᠠᠭ᠎ᠠ ᠳᠤ ᠭᠦᠢᠴᠡᠳᠬᠡᠬᠦ︾ ᠦᠢᠯᠡᠴᠢᠯᠡᠭᠡᠨ ᠤ ᠲᠤᠰᠬᠠᠢ ᠣᠷᠣᠨ ᠢ ᠲᠠᠰ ᠳᠡᠪᠰᠢᠭᠦᠯᠦᠨ᠂ ᠮᠠᠲ᠋ᠧᠷᠢᠶᠠᠯ ᠢ ᠰᠦᠯᠵᠢᠶᠡᠨ ᠳᠡᠭᠡᠷ᠎ᠡ ᠲᠤᠰᠢᠶᠠᠬᠤ᠂ ᠴᠣᠩᠬᠤᠪᠴᠢ ᠶᠢᠨ ᠠᠵᠢᠯᠲᠠᠨ ᠤ ᠭᠥᠯᠢᠶᠡᠨ ᠠᠪᠴᠤ ᠰᠢᠢᠳᠪᠦᠷᠢᠯᠡᠬᠦ ᠴᠢᠳᠠᠮᠵᠢ ᠶᠢ ᠪᠡᠶᠡᠯᠡᠭᠦᠯᠦᠨ᠎ᠡ᠃ ᠬᠤᠶᠠᠷ ᠲᠤ᠂ ︽ᠦᠨᠡᠮᠯᠡᠯ ᠦᠭᠡᠢ ᠪᠠᠷ ᠭᠦᠢᠴᠡᠳᠬᠡᠬᠦ︾ ᠦᠢᠯᠡᠴᠢᠯᠡᠭᠡ ᠶᠢ ᠳᠡᠯᠭᠡᠷᠡᠭᠦᠯᠦᠨ᠎ᠡ᠃ ᠡᠯᠧᠺᠲᠷᠣᠨ ᠦᠨᠡᠮᠯᠡᠯ ᠤᠨ ᠬᠡᠷᠡᠭᠯᠡᠭᠡᠨ ᠤ ᠬᠦᠷᠢᠶ᠎ᠡ ᠶᠢ ᠥᠷᠭᠡᠳᠬᠡᠬᠦ ᠶᠢ ᠠᠬᠢᠭᠤᠯᠵᠤ᠂ ᠡᠯᠧᠺᠲᠷᠣᠨ ᠦᠨᠡᠮᠯᠡᠯ ᠪᠣᠯᠣᠨ ᠴᠠᠭᠠᠰᠤᠨ ᠦᠨᠡᠮᠯᠡᠯ ᠤᠨ ᠠᠳᠠᠯᠢᠬᠠᠨ ᠬᠦᠴᠦᠨ ᠲᠠᠢ ᠪᠠᠶᠢᠬᠤ ᠶᠢ ᠲᠣᠳᠣᠷᠬᠠᠶᠢᠯᠠᠵᠤ᠂ ᠴᠤᠭᠯᠠᠭᠤᠯᠤᠭᠰᠠᠨ ᠡᠯᠧᠺᠲᠷᠣᠨ ᠦᠨᠡᠮᠯᠡᠯ ᠢᠶᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠳᠤ ᠪᠣᠳᠠᠲᠠᠢ ᠦᠨᠡᠮᠯᠡᠯ ᠲᠤᠰᠢᠶᠠᠬᠤ ᠠᠴᠠ ᠬᠡᠯᠲᠦᠷᠢᠭᠦᠯᠬᠦ ᠶᠢ ᠳᠡᠮᠵᠢᠨ᠎ᠡ᠃ ᠭᠤᠷᠪᠠ ᠳᠤ᠂ ︽ᠣᠶᠢᠷ᠎ᠠ ᠬᠠᠪᠢ ᠳᠤ ᠪᠠᠨ ᠭᠦᠢᠴᠡᠳᠬᠡᠬᠦ︾ ᠶᠢ ᠶᠡᠭᠡ ᠪᠠᠷ ᠬᠡᠷᠡᠭᠵᠢᠭᠦᠯᠦᠨ᠎ᠡ᠃ ᠥᠪᠡᠰᠦᠪᠡᠨ ᠦᠢᠯᠡᠴᠢᠯᠡᠬᠦ ᠲᠡᠭᠦᠰᠬᠡᠯ ᠦᠵᠦᠭᠦᠷ ᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠬᠦᠷᠢᠶᠡᠯᠡᠩ ᠲᠣᠭᠤᠷᠢᠭ᠂ ᠬᠤᠳᠠᠯᠳᠤᠭᠠᠨ ᠤ ᠲᠠᠯᠠᠪᠤᠷ᠂ ᠠᠰᠠᠷ ᠲᠠᠭᠲᠤ ᠵᠡᠷᠭᠡ ᠲᠠᠯᠠᠪᠤᠷ ᠲᠡᠶᠢᠰᠢ ᠳᠡᠯᠭᠡᠷᠡᠭᠦᠯᠬᠦ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ︽ᠣᠶᠢᠷ᠎ᠠ ᠬᠠᠪᠢ ᠳᠤ ᠪᠠᠨ ᠭᠦᠢᠴᠡᠳᠬᠡᠬᠦ᠂ ᠡᠭᠦᠳᠡᠨ ᠡᠮᠦᠨ᠎ᠡ ᠪᠠᠨ ᠭᠦᠢᠴᠡᠳᠬᠡᠬᠦ︾ ᠶᠢ ᠪᠡᠶᠡᠯᠡᠭᠦᠯᠦᠨ᠎ᠡ᠃ ᠡᠮᠴᠢᠯᠡᠭᠡ ᠡᠷᠡᠭᠦᠯ ᠬᠠᠮᠠᠭᠠᠯᠠᠯ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠵᠦᠢᠯᠡᠰ ᠢ ᠨᠠᠶᠢᠳᠠᠨ ᠭᠥᠯᠢᠶᠡᠨ ᠠᠪᠴᠤ ᠰᠢᠢᠳᠪᠦᠷᠢᠯᠡᠬᠦ᠂ ᠡᠷᠬᠡ ᠣᠯᠭᠤᠵᠤ ᠭᠦᠢᠴᠡᠳᠬᠡᠬᠦ᠂ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠵᠡᠷᠭᠡ ᠠᠷᠭ᠎ᠠ ᠪᠠᠷ ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠲᠤ ᠬᠦᠷᠴᠦ ᠭᠦᠢᠴᠡᠳᠬᠡᠬᠦ ᠶᠢ ᠠᠬᠢᠭᠤᠯᠤᠨ᠎ᠠ᠃ ᠳᠥᠷᠪᠡ ᠳᠤ᠂ ︽ᠰᠦᠯᠵᠢᠶᠡᠨ ᠳᠡᠭᠡᠷ᠎ᠡ ᠭᠦᠢᠴᠡᠳᠬᠡᠬᠦ᠂ ᠠᠯᠠᠭᠠᠨ ᠳᠡᠭᠡᠷ᠎ᠡ ᠪᠠᠨ ᠭᠦᠢᠴᠡᠳᠬᠡᠬᠦ︾ ᠶᠢ ᠠᠬᠢᠭᠤᠯᠤᠨ᠎ᠠ᠃ ᠠᠵᠤ ᠠᠬᠤᠶᠢᠯᠠᠯ ᠪᠠ ᠣᠯᠠᠨ ᠲᠦᠮᠡᠨ ᠤ ᠦᠷᠭᠦᠯᠵᠢ ᠭᠦᠢᠴᠡᠳᠬᠡᠳᠡᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠠᠯᠠᠭᠠᠨ ᠳᠡᠭᠡᠷ᠎ᠡ ᠪᠠᠨ ᠭᠦᠢᠴᠡᠳᠬᠡᠬᠦ᠂ ᠬᠤᠷᠤᠭᠤ ᠪᠠᠷ ᠢᠶᠠᠨ ᠭᠦᠢᠴᠡᠳᠬᠡᠬᠦ︾ ᠶᠢ ᠠᠬᠢᠭᠤᠯᠤᠨ᠎ᠠ᠃ ᠲᠠᠪᠤ ᠳᠤ᠂ ᠮᠡᠳᠡᠭᠳᠡᠵᠦ ᠠᠮᠠᠯᠠᠬᠤ ᠳᠦᠷᠢᠮ ᠪᠣᠯᠣᠨ ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠦᠨ᠎ᠡ᠃ ᠮᠡᠳᠡᠭᠳᠡᠵᠦ ᠠᠮᠠᠯᠠᠬᠤ ᠳᠦᠷᠢᠮ ᠪᠠ ᠳᠤᠲᠠᠭᠤᠳᠠᠭᠰᠠᠨ ᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠶᠢ ᠬᠡᠷᠡᠭᠯᠡᠵᠦ ᠪᠣᠯᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠡᠮᠬᠢᠯᠡᠨ ᠳᠢᠭᠯᠡᠵᠦ᠂ ᠨᠡᠶᠢᠭᠡᠮ ᠳᠤ ᠨᠢᠭᠡᠳᠦᠯᠲᠡᠢ ᠨᠡᠶᠢᠲᠡᠯᠡᠨ᠎ᠡ᠃ ᠵᠢᠷᠭᠤᠭ᠎ᠠ ᠳᠤ᠂ ᠣᠶᠤᠨᠴᠢᠯᠠᠭᠰᠠᠨ ᠣᠨᠣᠪᠴᠢᠲᠠᠢ ᠥᠪᠡᠷᠮᠢᠴᠡ ᠣᠨᠴᠠᠯᠢᠭ ᠪᠦᠬᠦᠢ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ︽ᠨᠢᠭᠡ ᠠᠵᠤ ᠠᠬᠤᠶᠢᠯᠠᠯ ᠳᠤ ᠨᠢᠭᠡ ᠲᠠᠩᠰᠠ ᠪᠠᠶᠢᠭᠤᠯᠬᠤ︾ ︽ᠨᠢᠭᠡ ᠬᠥᠮᠥᠨ ᠳᠤ ᠨᠢᠭᠡ ᠲᠠᠩᠰᠠ ᠪᠠᠶᠢᠭᠤᠯᠬᠤ︾ ᠶᠢ ᠲᠡᠭᠦᠯᠳᠡᠷᠵᠢᠭᠦᠯᠵᠦ᠂ ᠬᠤᠶᠠᠷ ᠬᠡᠮᠵᠢᠯᠲᠦ ᠺᠣᠳ᠋᠂ ᠲᠣᠭᠠᠴᠢᠯᠠᠭᠰᠠᠨ ᠨᠡᠷ᠎ᠡ ᠶᠢᠨ ᠬᠠᠭᠤᠳᠠᠰᠤ ᠵᠡᠷᠭᠡ ᠠᠬᠤᠢ ᠲᠠᠯᠠᠪᠠᠶ ᠶᠢᠨ ᠬᠡᠷᠡᠭᠯᠡᠯᠲᠡ ᠶᠢ ᠵᠢᠷᠤᠮᠵᠢᠭᠤᠯᠤᠨ ᠥᠷᠭᠡᠳᠬᠡᠵᠦ᠂ ᠥᠪᠡᠷᠮᠢᠴᠡ ᠨᠠᠷᠢᠯᠢᠭ ᠣᠨᠣᠴᠠᠲᠠᠢ ᠦᠢᠯᠡᠴᠢᠯᠡᠭᠡ ᠶᠢ ᠪᠡᠶᠡᠯᠡᠭᠦᠯᠦᠨ᠎ᠡ᠃ ᠳᠣᠯᠤᠭ᠎ᠠ ᠳᠤ᠂ ᠲᠥᠬᠦᠮ ᠦᠵᠡᠭᠦᠯᠬᠦ ᠨᠡᠩ ᠣᠯᠠᠨ ᠦᠢᠯᠡᠴᠢᠯᠡᠭᠡ ᠶᠢ ᠬᠠᠩᠭᠠᠨ᠎ᠠ᠃ ᠨᠡᠶᠢᠭᠡᠮ ᠤᠨ ᠦᠢᠯᠡᠴᠢᠯᠡᠭᠡ᠂ ᠨᠡᠶᠢᠭᠡᠮ ᠤᠨ ᠳᠠᠭᠠᠳᠬᠠᠯ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠯᠤᠭ᠎ᠠ ᠨᠢᠭᠲᠠ ᠬᠤᠯᠪᠣᠭ᠎ᠠ ᠲᠠᠢ ᠭᠤᠣᠯᠳᠠᠯᠭ᠎ᠠ ᠲᠠᠢ ᠬᠦᠷᠢᠶᠡᠨ ᠳᠤ᠂ ︽ᠡᠷᠲᠡ ᠣᠷᠣᠢ ᠬᠠᠷᠢᠮᠠᠬᠠᠢ ᠴᠢᠨᠠᠷᠲᠠᠢ ᠪᠠᠷ ᠭᠦᠢᠴᠡᠳᠬᠡᠬᠦ︾ ︽ᠦᠳᠡ ᠳᠤ ᠲᠠᠰᠤᠯᠳᠠᠭᠤᠯᠬᠤ ᠦᠭᠡᠢ︾ ︽ᠭᠠᠷᠠᠭ ᠤᠨ ᠰᠡᠭᠦᠯᠴᠢ ᠳᠤ ᠠᠮᠠᠷᠠᠬᠤ ᠦᠭᠡᠢ︾ ᠵᠡᠷᠭᠡ ᠴᠠᠭ ᠢ ᠤᠷᠲᠤᠳᠬᠠᠬᠤ ᠦᠢᠯᠡᠴᠢᠯᠡᠭᠡ ᠬᠠᠩᠭᠠᠵᠤ᠂ ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠠᠭᠠᠢ ᠬᠥᠮᠥᠰ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠨ᠎ᠠ᠃

      ︵ᠳᠥᠷᠪᠡ︶ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠨᠢᠭᠡ ᠳᠤ᠂ ᠪᠥᠬᠦ ᠣᠷᠣᠨ ᠤ ᠲᠠᠪᠴᠠᠩ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠨ᠎ᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ 2.0 ᠲᠥᠷᠥᠯ ᠵᠦᠢᠯ ᠢ ᠬᠡᠷᠡᠭᠵᠢᠭᠦᠯᠵᠦ᠂ ︽ᠣᠶᠤᠨᠲᠤ ᠵᠠᠰᠠᠭ ᠤᠨ ᠶᠠᠪᠤᠳᠠᠯ︾ ᠤᠨ ᠬᠡᠷᠡᠭᠯᠡᠭᠡᠨ ᠤ ᠰᠢᠰᠲ᠋ᠧᠮ ᠢ ᠪᠠᠶᠢᠭᠤᠯᠵᠤ᠂ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠲᠠᠢ ᠪᠥᠬᠦ ᠲᠠᠯ᠎ᠠ ᠪᠠᠷ ᠵᠣᠯᠭᠠᠭᠤᠯᠤᠨ ᠠᠭᠤᠰᠤᠯᠴᠠᠭᠤᠯᠤᠨ᠎ᠠ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠶᠠᠷ ᠲᠤ᠂ ᠲᠠᠪᠴᠠᠩ ᠤᠨ ᠤᠯᠠᠨ ᠨᠡᠶᠢᠲᠡ ᠶᠢᠨ ᠲᠤᠯᠭᠠᠭᠤᠷᠢᠯᠠᠯ ᠢ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠨᠢ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠂ ᠰᠦᠯᠵᠢᠶᠡᠨ ᠠᠴᠠ ᠭᠠᠳᠠᠨ᠎ᠠ ᠭᠥᠯᠢᠶᠡᠨ ᠠᠪᠴᠤ ᠰᠢᠢᠳᠪᠦᠷᠢᠯᠡᠬᠦ ᠦᠢᠯᠡᠴᠢᠯᠡᠭᠡᠨ ᠤ ᠬᠡᠷᠡᠭᠴᠡᠭᠡ ᠶᠢ ᠪᠥᠬᠦ ᠲᠠᠯ᠎ᠠ ᠪᠠᠷ ᠲᠤᠯᠭᠠᠭᠤᠷᠢᠯᠠᠵᠤ᠂ ᠰᠢᠯᠵᠢᠮᠡᠯ ᠦᠵᠦᠭᠦᠷ ᠤᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ᠂ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢᠨ ᠭᠥᠯᠢᠶᠡᠨ ᠠᠪᠴᠤ ᠰᠢᠢᠳᠪᠦᠷᠢᠯᠡᠬᠦ ᠰᠢᠰᠲ᠋ᠧᠮ ᠲᠠᠢ ᠵᠣᠯᠭᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨ᠎ᠠ ᠶᠢ ᠠᠭᠤᠰᠤᠯᠴᠠᠭᠤᠯᠤᠭᠰᠠᠨ ᠦᠢᠯᠡᠴᠢᠯᠡᠭᠡᠨ ᠤ ᠵᠠᠭᠪᠤᠷ ᠢ ᠬᠠᠩᠭᠠᠨ᠎ᠠ᠃ ᠭᠤᠷᠪᠠ ᠳᠤ᠂ ᠲᠤᠭ᠎ᠠ ᠪᠠᠷᠢᠮᠲᠠ ᠶᠢ ᠬᠠᠮᠲᠤ ᠳᠤ ᠪᠠᠨ ᠬᠦᠷᠲᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠬᠢᠭᠡᠳ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠭᠦᠨᠵᠡᠭᠡᠢ ᠵᠣᠯᠭᠠᠭᠤᠯᠬᠤ᠂ ᠳ᠋ᠠᠶᠢᠲ᠋ᠠ ᠶᠢ ᠬᠤᠣᠰ ᠴᠢᠭᠯᠡᠯ ᠢᠶᠠᠷ ᠬᠠᠮᠲᠤ ᠳᠤ ᠪᠠᠨ ᠬᠦᠷᠲᠡᠬᠦ ᠶᠢ ᠠᠬᠢᠭᠤᠯᠤᠨ᠎ᠠ᠃

      ᠭᠤᠷᠪᠠ᠂ ︽ᠬᠡᠷᠡᠭᠵᠢᠭᠦᠯᠬᠦ ᠰᠠᠨᠠᠯ︾ ᠳᠤ ᠶᠠᠮᠠᠷ ᠶᠠᠮᠠᠷ ᠪᠠᠲᠤᠯᠠᠭ᠎ᠠ ᠶᠢᠨ ᠠᠷᠭ᠎ᠠ ᠬᠡᠮᠵᠢᠶ᠎ᠡ ᠠᠪᠤᠭᠰᠠᠨ ᠪᠤᠢ︖

      ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠡᠩᠨᠡᠭᠡᠨ ᠤ ᠪᠠᠶᠢᠭᠤᠯᠤᠯᠲᠠ᠂ ᠬᠠᠤᠯᠢ ᠪᠠᠷ ᠵᠠᠰᠠᠬᠤ ᠪᠠᠲᠤᠯᠠᠭ᠎ᠠ᠂ ᠬᠢᠨᠠᠨ ᠵᠢᠯᠤᠭᠤᠳᠴᠤ ᠰᠢᠯᠭᠠᠨ ᠦᠨᠡᠯᠡᠬᠦ᠂ ᠤᠬᠠᠭᠤᠯᠤᠨ ᠳᠡᠯᠭᠡᠷᠡᠭᠦᠯᠬᠦ ᠵᠡᠷᠭᠡ 5 ᠲᠠᠯ᠎ᠠ ᠠᠴᠠ ᠪᠣᠳᠠᠲᠠᠢ ᠠᠵᠢᠯ ᠤᠨ ᠱᠠᠭᠠᠷᠳᠠᠯᠭ᠎ᠠ ᠳᠤᠷᠠᠳᠪᠠ᠃ ᠳᠡᠭᠡᠷ᠎ᠡ ᠳᠣᠣᠷ᠎ᠠ ᠱᠠᠲᠤ ᠶᠢ ᠬᠤᠯᠪᠣᠭᠰᠠᠨ᠂ ᠱᠠᠲᠤ ᠬᠤᠪᠢᠶᠠᠨ ᠬᠠᠷᠢᠭᠤᠴᠠᠭᠰᠠᠨ᠂ ᠬᠠᠮᠵᠢᠯᠴᠠᠨ ᠬᠤᠯᠪᠣᠭᠠᠯᠠᠵᠤ ᠬᠥᠳᠡᠯᠦᠯᠴᠡᠭᠰᠡᠨ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠬᠤ ᠳᠤ ᠰᠠᠭᠤᠷᠢᠯᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠡᠵᠡᠩᠨᠡᠯᠲᠡ ᠬᠠᠮᠢᠶᠠᠷᠤᠯᠲᠠ ᠪᠠ ᠶᠡᠷᠦᠩᠬᠡᠶᠢᠯᠡᠭᠰᠡᠨ ᠴᠣᠩᠬᠤᠪᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠳᠤᠷᠠᠳᠴᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠮᠠᠨ ᠤ ᠣᠷᠣᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠮᠳᠠᠭᠤᠯᠤᠨ ᠪᠠᠶᠢᠴᠠᠭᠠᠬᠤ ᠪᠠ ᠰᠢᠯᠭᠠᠨ ᠬᠢᠨᠠᠬᠤ ᠠᠭᠤᠯᠭ᠎ᠠ ᠳᠤ ᠣᠷᠣᠭᠤᠯᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ