|
ᠮᠠᠨ ᠤ ᠣᠷᠣᠨ ᠤ 8 ᠳ᠋ᠤᠭᠠᠷ ᠰᠠᠷ᠎ᠠ ᠶᠢᠨ 25 ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ |
|
|
ᠨᠡᠶᠢᠲᠡᠯᠡᠭᠰᠡᠨ ᠴᠠᠭ᠄
2022/8/26
|
|
8 ᠳ᠋ᠤᠭᠠᠷ ᠰᠠᠷ᠎ᠠ ᠶᠢᠨ 25 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠪᠠ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠲᠣᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 1 ᠨᠡᠮᠡᠭᠳᠡᠵᠡᠢ ︵ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠᠨ ᠤ ᠲᠤᠰᠠᠭᠠᠷᠯᠠᠬᠤ ᠴᠡᠭ ᠠᠴᠠ ᠪᠠᠶᠢᠴᠠᠭᠠᠨ ᠭᠠᠷᠭᠠᠪᠠ︶᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 3 ︵ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠪᠠᠶᠢᠭᠰᠠᠨ ᠠᠴᠠ ᠪᠠᠨ ᠲᠣᠳᠤᠯᠠᠭᠰᠠᠨ ᠡᠪᠡᠳᠴᠢᠨ ᠤ ᠵᠢᠱᠢᠶ᠎ᠡ ᠪᠣᠯᠤᠭᠰᠠᠨ 2 ᠡᠪᠡᠳᠴᠢᠲᠠᠨ ᠢ ᠪᠠᠭᠲᠠᠭᠠᠨ᠎ᠠ︶ ᠰᠢᠨ᠎ᠡ ᠪᠠᠷ ᠨᠡᠮᠡᠭᠳᠡᠵᠡᠢ᠂ ᠲᠡᠳᠡᠭᠡᠷ ᠨᠢ ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠳ ᠪᠣᠯᠤᠨ᠎ᠠ᠃ ᠲᠤᠬᠠᠢ ᠶᠢᠨ ᠭᠠᠵᠠᠷ ᠤᠨ ᠲᠣᠳᠤᠯᠠᠭᠰᠠᠨ 7 ᠡᠪᠡᠳᠴᠢᠨ ᠤ ᠵᠢᠱᠢᠶ᠎ᠡ ᠡᠷᠡᠭᠦᠯᠵᠢᠵᠦ ᠡᠮᠨᠡᠯᠭᠡ ᠠᠴᠠ ᠭᠠᠷᠪᠠ᠂ ᠡᠭᠦᠨ ᠳᠤ ᠬᠥᠬᠡᠬᠤᠲᠠ ᠳᠤ 3 ︵ ᠴᠥᠮ ᠠᠳᠠᠯᠢ ᠨᠢᠭᠡ ᠡᠭᠡᠯᠵᠢ ᠶᠢᠨ ᠨᠢᠰᠬᠡᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ︶᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 4 ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 4 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ ︵ᠴᠥᠮ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠤᠢ︶᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ 2 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠵᠠᠢ᠂ ᠲᠡᠳᠡᠭᠡᠷ ᠨᠢ ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠳ ᠪᠣᠯᠤᠨ᠎ᠠ᠃ 8 ᠳ᠋ᠤᠭᠠᠷ ᠰᠠᠷ᠎ᠠ ᠶᠢᠨ 25 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 24 ᠪᠠᠶᠢᠵᠤ᠂ ᠡᠭᠦᠨ ᠳᠤ ᠪᠣᠭᠤᠲᠤ ᠬᠤᠲᠠ ᠶᠢᠨ ᠴᠢᠩᠱᠠᠨ ᠲᠣᠭᠤᠷᠢᠭ ᠲᠤ 2᠂ ᠬᠦᠯᠦᠨ ᠪᠣᠶᠢᠷ ᠬᠤᠲᠠ ᠶᠢᠨ ᠮᠠᠨᠵᠤᠤᠷ ᠬᠤᠲᠠ ᠳᠤ 6᠂ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠᠨ ᠳᠤ 5᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 9᠂ ᠤᠷᠳᠤᠰ ᠬᠤᠲᠠ ᠶᠢᠨ ᠣᠲᠤᠭ ᠬᠤᠰᠢᠭᠤᠨ ᠳᠤ 2 ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 13 ᠪᠠᠶᠢᠨ᠎ᠠ᠂ ᠡᠭᠦᠨ ᠳᠤ ᠬᠦᠯᠦᠨ ᠪᠣᠶᠢᠷ ᠬᠤᠲᠠ ᠶᠢᠨ ᠮᠠᠨᠵᠤᠤᠷ ᠬᠤᠲᠠ ᠳᠤ 2᠂ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ 1᠂ ᠤᠯᠠᠭᠠᠨᠴᠠᠪ ᠬᠤᠲᠠ ᠳᠤ 7
︵ᠵᠢᠨᠢᠩ ᠲᠣᠭᠤᠷᠢᠭ ᠲᠤ 1᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 6︶᠂ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠳᠤ 3 ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 6᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 11 ᠪᠠᠶᠢᠵᠤ᠂ ᠴᠦᠮ ᠬᠦᠬᠡᠬᠤᠳᠠ ᠳᠤ ᠪᠤᠢ᠃ ᠪᠦᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ |
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|