ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠢᠭᠡᠳ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠲᠦᠭᠦᠪᠴᠢ ᠵᠥᠪᠯᠡᠯᠴᠡᠭᠡᠷ ᠳᠤᠬᠢᠷᠠᠯᠴᠠᠪᠠ  ᠰᠦᠨ ᠱᠤᠤ ᠴᠧᠩ  ᠬᠥ᠋ ᠱᠣ᠋ ᠭᠠᠷ ᠤᠨ ᠥᠰᠥᠭ ᠵᠢᠷᠤᠬᠤ ᠶᠢ ᠭᠡᠷᠡᠴᠢᠯᠡᠭᠰᠡᠨ ᠪᠦᠭᠡᠳ ᠬᠡᠯᠡᠯᠴᠡᠭᠡ ᠬᠢᠵᠡᠢ
ᠨᠡᠶᠢᠲᠡᠯᠡᠭᠰᠡᠨ ᠴᠠᠭ᠄
2022/8/3

      8 ᠰᠠᠷ᠎ᠠ ᠶᠢᠨ 2᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠢᠭᠡᠳ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠬᠥᠬᠡᠬᠤᠲᠠ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠬᠥ᠋ ᠱᠣ᠋ ᠭᠠᠷ ᠤᠨ ᠥᠰᠥᠭ ᠵᠢᠷᠤᠬᠤ ᠶᠢ ᠭᠡᠷᠡᠴᠢᠯᠡᠵᠡᠶ᠃


0803自治区政府与中国农业银行签署战略合作框架协议.png


      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠨᠠᠮ ᠤᠨ ᠬᠤᠷᠢᠶᠠᠨ ᠤ ᠭᠡᠰᠢᠭᠦᠨ᠂ ᠪᠠᠩᠬᠢ ᠶᠢᠨ ᠳᠡᠳ᠋ ᠲᠠᠷᠤᠭ᠎ᠠ ᠰᠢᠤᠢ ᠬᠠᠨ ᠬᠤᠶᠠᠷ ᠲᠠᠯ᠎ᠠ ᠶᠢ ᠲᠥᠯᠥᠭᠡᠯᠡᠨ ᠭᠠᠷ ᠤᠨ ᠦᠰᠦᠭ ᠵᠢᠷᠤᠪᠠ᠃
      ᠣᠶᠢᠯᠠᠭᠠᠭᠰᠠᠨ ᠢᠶᠠᠷ᠂ ︽ᠠᠷᠪᠡᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠭᠦᠯᠭᠡ ᠶᠢᠨ ᠬᠤᠭᠤᠴᠠᠭᠠᠨ ᠳᠤ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠠᠬᠢ ᠡᠯ᠎ᠡ ᠵᠦᠶᠯ ᠤᠨ ᠵᠢᠭᠡᠯᠡᠯᠭᠡ 913 ᠳ᠋ᠦᠩᠰᠢᠭᠤᠷ ᠲᠥᠭᠦᠷᠢᠭ ᠴᠡᠪᠡᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 65%᠎ ᠳᠤ ᠬᠦᠷᠴᠦ᠂ ᠳᠥᠷᠪᠡᠨ ᠶᠡᠭᠡ ᠪᠠᠩᠬᠢ ᠶᠢᠨ ᠲᠡᠷᠢᠭᠦᠨ ᠳᠤ ᠣᠷᠣᠵᠤ᠂ ᠣᠷᠣᠨ ᠨᠤᠲᠤᠭ ᠤᠨ ᠵᠢᠭᠡᠯᠡᠯᠭᠡ ᠶᠢ ᠳᠠᠭᠠᠭᠠᠨ ᠪᠣᠷᠣᠯᠠᠭᠤᠯᠤᠭᠰᠠᠨ ᠶᠡᠷᠦᠩᠬᠡᠶ ᠬᠡᠮᠵᠢᠶ᠎ᠡ ᠲᠤᠯᠤᠭᠠᠨ ᠵᠢᠯ ᠳᠠᠷᠠᠭᠠᠯᠠᠨ ᠠᠵᠢᠯ ᠨᠢᠭᠡᠲᠡᠨ ᠤ ᠳᠤᠮᠳᠠ ᠲᠦᠷᠦᠬᠦᠯᠡᠵᠦ᠂ ᠥᠪᠥᠷ ᠮᠣᠩᠭᠤᠯ ᠤᠨ ᠬᠥᠭᠵᠢᠯᠲᠡ ᠳᠤ ᠬᠦᠴᠦᠲᠡᠶ ᠮᠥᠩᠭᠦᠨ ᠭᠦᠶᠯᠭᠡᠭᠡᠨ ᠤ ᠳᠡᠮᠵᠢᠯᠭᠡ ᠬᠠᠩᠭᠠᠪᠠ᠃ ᠣᠶᠢᠷ᠎ᠠ ᠳᠤ᠂ ᠲᠣᠰ ᠪᠠᠩᠬᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠬᠤᠶᠠᠷ ᠬᠠᠯᠬᠠᠪᠴᠢ﹀᠂ ︿ᠬᠤᠶᠠᠷ ᠰᠠᠭᠤᠷᠢᠨ﹀᠂ ︿ᠨᠢᠭᠡ ᠪᠠᠬᠢᠯᠡᠯᠲᠡ﹀᠎ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠲᠤᠬᠠᠶ ᠰᠠᠨᠠᠯ︾᠎ ᠢ ᠲᠤᠰᠬᠠᠶᠢᠯᠠᠨ ᠨᠡᠶᠢᠲᠡᠯᠡᠵᠦ᠂ ᠵᠦᠷᠢᠶᠡᠴᠢᠯᠡᠭᠰᠡᠨ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ ᠶᠢ ᠢᠵᠢ ᠪᠥᠷᠢᠳᠦᠭᠦᠯᠦᠨ᠂ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠳᠤ ᠲᠤᠰᠬᠠᠢ ᠲᠣᠭᠲᠠᠭᠠᠭᠰᠠᠨ ᠮᠥᠩᠭᠦᠨ ᠭᠦᠶᠯᠭᠡᠭᠡᠨ ᠤ ᠦᠶᠯᠡᠴᠢᠯᠡᠭᠡᠨ ᠤ ᠲᠥᠰᠦᠯ ᠢ ᠬᠠᠩᠭᠠᠪᠠ᠃ ᠬᠤᠶᠠᠷ ᠲᠠᠯ᠎ᠠ ᠪᠠᠷ ᠢᠶᠠᠨ ᠵᠣᠯᠭᠠᠯᠴᠠᠭ᠎ᠠ ᠬᠢᠬᠦ ᠪᠠᠷ ᠳᠡᠮᠵᠢᠨ ᠬᠠᠮᠲᠤ ᠶᠢᠨ ᠲᠠᠨᠢᠯᠲᠠ ᠲᠠᠢ ᠪᠣᠯᠵᠣ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠤᠪᠢᠴᠠᠭᠠᠲᠤ ᠬᠢᠵᠠᠭᠠᠷᠲᠤ ᠺᠣᠮᠫᠠᠨᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾᠎ ᠲᠤ ᠬᠠᠮᠲᠤ ᠪᠠᠷ ᠭᠠᠷ ᠤᠨ ᠥᠰᠥᠭ ᠵᠢᠷᠤᠵᠤ᠂ 5000 ᠳ᠋ᠦᠩᠰᠢᠭᠤᠷ ᠲᠥᠭᠦᠷᠢᠭ ᠢ ᠳᠠᠪᠠᠭᠰᠠᠨ ᠪᠠᠯᠠ ᠮᠦᠩᠬᠦ ᠴᠤᠭᠯᠠᠭᠤᠯᠬᠤ ᠵᠦᠶᠯ ᠢ ᠪᠣᠯᠵᠣᠨ ᠲᠣᠭᠲᠠᠪᠠ᠃


0803自治区政府与中国农业银行签署战略合作框架协议2.png


0803自治区政府与中国农业银行签署战略合作框架协议3.png


      ᠭᠠᠷ ᠤᠨ ᠦᠰᠦᠭ ᠵᠢᠷᠤᠬᠤ ᠶᠣᠰᠣᠯᠠᠯ ᠠᠴᠠ ᠡᠮᠦᠨ᠎ᠡ᠂ ᠰᠦᠨ ᠱᠤᠤ ᠴᠧᠩ ᠪᠤᠯᠤᠨ ᠬᠦ᠋ ᠱᠸ ᠬᠡᠯᠡᠯᠴᠡᠭᠡ ᠬᠢᠪᠡ᠃ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠮᠠᠨ ᠤ ᠣᠷᠣᠨ ᠤ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾᠎ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠰᠠᠨᠠᠯ ᠢ ᠲᠤᠰᠬᠠᠶᠢᠯᠠᠨ ᠨᠡᠶᠢᠲᠡᠯᠡᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠵᠣᠭᠰᠣᠴᠠ ᠪᠠ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠪᠡ᠃ ᠰᠠᠨᠠᠯ ᠨᠡᠶᠢᠲᠡᠯᠡᠵᠦ᠂ ᠵᠥᠪᠯᠡᠯᠴᠡᠭᠡᠷ ᠲᠤ ᠭᠠᠷ ᠤᠨ ᠦᠰᠦᠭ ᠵᠢᠷᠤᠬᠰᠠᠨ ᠵᠡᠷᠭᠡ ᠨᠢ ᠴᠥᠮ ᠦᠨᠡᠨ ᠰᠡᠳᠭᠢᠯ ᠤᠨ ᠳᠡᠮᠵᠢᠯᠭᠡ ᠪᠠ

︽ᠦᠨᠡᠨ ᠪᠣᠳᠠᠲᠠᠢ︾ ᠪᠡᠯᠡ ᠣᠷᠣᠭᠤᠯᠤᠯᠲᠠ ᠪᠠᠶᠢᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠶᠢ ᠭᠦᠢᠴᠡᠳ ᠢᠯᠡᠷᠡᠭᠦᠯᠪᠡ᠃ ᠪᠢᠳᠡ ᠳᠤᠷᠠᠲᠠᠶ᠎ᠠ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠯᠤᠭ᠎ᠠ ᠬᠠᠮᠲᠤ ᠪᠠᠷ ᠴᠢᠷᠮᠠᠶᠢᠵᠤ᠂ ᠬᠤᠶᠠᠷ ᠲᠠᠯ᠎ᠠ ᠶᠢᠨ ᠣᠲᠣ ᠦᠶ᠎ᠡ ᠶᠢᠨ ᠮᠠᠯ ᠠᠵᠤ ᠠᠬᠤᠶ ᠲᠠᠷᠢᠶᠠᠯᠠᠩ ᠤᠨ ᠬᠥᠭᠵᠢᠯᠲᠡ᠂ ᠰᠢᠨ᠎ᠡ ᠡᠨᠧᠷᠭᠢ ᠶᠢᠨ ᠪᠥᠲᠥᠭᠡᠨ ᠪᠠᠶᠢᠭᠤᠯᠤᠯᠲᠠ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠤᠮᠠᠷᠠᠰᠢ ᠨᠡᠭᠡᠭᠡᠯᠲᠡ ᠬᠢᠬᠦ᠂ ᠣᠷᠣᠨ ᠨᠤᠲᠤᠭ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠵᠡᠷᠭᠡ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠵᠥᠪᠯᠡᠨ ᠲᠣᠭᠲᠠᠭᠰᠠᠨ ᠵᠦᠶᠯ ᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠵᠠᠰᠠᠭ ᠪᠠᠩᠬᠢ ᠶᠢᠨ ᠬᠠᠮᠲᠤᠷᠠᠯᠴᠠᠭᠠᠨ ᠤ ᠰᠢᠨ᠎ᠡ ᠬᠡᠪ ᠵᠠᠭᠪᠤᠷ ᠢ ᠪᠣᠶ ᠪᠣᠯᠭᠠᠨ᠎ᠠ᠃ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠡᠷᠡᠭᠰᠡᠬᠦ ᠥᠪᠥᠷ ᠮᠣᠩᠭᠤᠯ ᠤᠨ ᠳᠡᠮᠵᠢᠯᠭᠡ ᠪᠠ ᠬᠠᠮᠵᠢᠯᠴᠠᠭ᠎ᠠ ᠶᠢᠨ ᠵᠦᠢᠯ ᠢ ᠪᠢᠳᠡ ᠯᠠᠪᠲᠠᠶ ᠪᠦᠬᠦ ᠬᠦᠴᠦ ᠪᠠᠷ ᠢᠶᠠᠨ ᠴᠢᠷᠮᠠᠶᠢᠨ ᠪᠡᠶᠡᠯᠡᠬᠦᠯᠦᠨ᠎ᠡ ᠭᠡᠵᠡᠢ᠃ ᠬᠦ᠋ ᠱᠸ ᠥᠪᠥᠷ ᠮᠣᠩᠭᠤᠯ ᠤᠨ ᠤᠷᠳᠤ ᠬᠤᠭᠤᠴᠠᠭᠠᠨ ᠤ ᠲᠤᠷᠰᠢ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠥᠭᠵᠢᠯᠲᠡ ᠳᠤ ᠦᠵᠡᠭᠦᠯᠦᠭᠰᠡᠨ ᠬᠠᠯᠠᠮᠵᠢᠯᠠᠯ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠭᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠤᠭᠰᠠᠨ ᠠᠮᠵᠢᠯᠲᠠ ᠳᠤ ᠪᠠᠶᠠᠷ ᠬᠦᠷᠭᠡᠪᠡ᠃ ᠲᠡᠷᠡ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠥᠪᠥᠷ ᠮᠣᠩᠭᠤᠯ ᠳᠠᠬᠢ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠪᠢᠳᠡ ᠳᠤᠷᠠᠲᠠᠶ᠎ᠠ ᠲᠣᠰ ᠤᠳᠠᠭ᠎ᠠ ᠶᠢᠨ ᠵᠥᠪᠯᠡᠯᠴᠡᠭᠡᠷ ᠲᠣᠭᠲᠠᠭᠰᠠᠨ ᠢᠶᠠᠷ ᠠᠵᠠ ᠲᠣᠬᠢᠶᠠᠯ ᠪᠣᠯᠭᠠᠵᠤ᠂ ᠲᠣᠭᠲᠠᠭᠰᠠᠨ ᠲᠥᠰᠦᠯ ᠪᠣᠯᠤᠨ ᠵᠥᠪᠯᠡᠯᠴᠡᠭᠡᠷ ᠤᠨ ᠠᠭᠤᠯᠭ᠎ᠠ ᠶᠣᠰᠣᠭᠠᠷ᠂ ᠥᠪᠥᠷ ᠮᠣᠩᠭᠤᠯ ᠳᠤ ᠮᠥᠩᠭᠦᠨ ᠭᠦᠶᠯᠭᠡᠭᠡᠨ ᠤ ᠳᠡᠮᠵᠢᠯᠭᠡ ᠦᠵᠡᠭᠦᠯᠬᠦ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠬᠠᠮᠲᠤ ᠪᠠᠷ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ᠎ᠠ ᠭᠡᠪᠡ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠤᠢ ᠯᠢ ᠰᠢᠨ ᠠᠵᠢᠯᠯᠠᠭ᠎ᠠ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ