8 ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠢᠭᠡᠳ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ | ᠬᠥᠬᠡᠬᠤᠲᠠ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠱᠦᠵᠢ ᠰᠦᠨ ᠱᠤᠤ ᠴᠧᠩ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ | ᠬᠥ᠋ ᠱᠣ᠋ ᠭᠠᠷ ᠤᠨ ᠥᠰᠥᠭ ᠵᠢᠷᠤᠬᠤ ᠶᠢ ᠭᠡᠷᠡᠴᠢᠯᠡᠵᠡᠶ᠃ | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ | ᠬᠤᠸᠠᠩ ᡁᠢ ᠴᠢᠶᠠᠩ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠨᠠᠮ ᠤᠨ ᠬᠤᠷᠢᠶᠠᠨ ᠤ ᠭᠡᠰᠢᠭᠦᠨ᠂ ᠪᠠᠩᠬᠢ ᠶᠢᠨ ᠳᠡᠳ᠋ ᠲᠠᠷᠤᠭ᠎ᠠ ᠰᠢᠤᠢ ᠬᠠᠨ ᠬᠤᠶᠠᠷ | ᠲᠠᠯ᠎ᠠ ᠶᠢ ᠲᠥᠯᠥᠭᠡᠯᠡᠨ ᠭᠠᠷ ᠤᠨ ᠦᠰᠦᠭ ᠵᠢᠷᠤᠪᠠ᠃ | ᠣᠶᠢᠯᠠᠭᠠᠭᠰᠠᠨ ᠢᠶᠠᠷ᠂ ︽ᠠᠷᠪᠡᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ᠂ ᠳᠤᠮᠳᠠᠳᠤ ᠤᠯᠤᠰ ᠤᠨ ᠲᠠᠷᠢᠶᠠᠯᠠᠩ ᠤᠨ | ᠪᠠᠩᠬᠢ ᠶᠢᠨ ᠥᠪᠥᠷ ᠮᠣᠩᠭᠤᠯ ᠳᠠᠬᠢ ᠡᠯ᠎ᠡ ᠵᠦᠶᠯ ᠤᠨ ᠵᠢᠭᠡᠯᠡᠯᠭᠡ 913 ᠳ᠋ᠦᠩᠰᠢᠭᠤᠷ ᠲᠥᠭᠦᠷᠢᠭ ᠴᠡᠪᠡᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 65% ᠳᠤ | ᠬᠦᠷᠴᠦ᠂ ᠳᠥᠷᠪᠡᠨ ᠶᠡᠭᠡ ᠪᠠᠩᠬᠢ ᠶᠢᠨ ᠲᠡᠷᠢᠭᠦᠨ ᠳᠤ ᠣᠷᠣᠵᠤ᠂ ᠣᠷᠣᠨ ᠨᠤᠲᠤᠭ ᠤᠨ ᠵᠢᠭᠡᠯᠡᠯᠭᠡ ᠶᠢ ᠳᠠᠭᠠᠭᠠᠨ ᠪᠣᠷᠣᠯᠠᠭᠤᠯᠤᠭᠰᠠᠨ ᠶᠡᠷᠦᠩᠬᠡᠶ ᠬᠡᠮᠵᠢᠶ᠎ᠡ ᠲᠤᠯᠤᠭᠠᠨ | ᠵᠢᠯ ᠳᠠᠷᠠᠭᠠᠯᠠᠨ ᠠᠵᠢᠯ ᠨᠢᠭᠡᠲᠡᠨ ᠤ ᠳᠤᠮᠳᠠ ᠲᠦᠷᠦᠬᠦᠯᠡᠵᠦ᠂ ᠥᠪᠥᠷ ᠮᠣᠩᠭᠤᠯ ᠤᠨ ᠬᠥᠭᠵᠢᠯᠲᠡ ᠳᠤ ᠬᠦᠴᠦᠲᠡᠶ ᠮᠥᠩᠭᠦᠨ ᠭᠦᠶᠯᠭᠡᠭᠡᠨ ᠤ ᠳᠡᠮᠵᠢᠯᠭᠡ ᠬᠠᠩᠭᠠᠪᠠ᠃ | ᠣᠶᠢᠷ᠎ᠠ ᠳᠤ᠂ ᠲᠣᠰ ᠪᠠᠩᠬᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠬᠤᠶᠠᠷ ᠬᠠᠯᠬᠠᠪᠴᠢ﹀᠂ ︿ᠬᠤᠶᠠᠷ ᠰᠠᠭᠤᠷᠢᠨ﹀᠂ ︿ᠨᠢᠭᠡ ᠪᠠᠬᠢᠯᠡᠯᠲᠡ﹀ | ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠲᠤᠬᠠᠶ ᠰᠠᠨᠠᠯ︾ ᠢ ᠲᠤᠰᠬᠠᠶᠢᠯᠠᠨ ᠨᠡᠶᠢᠲᠡᠯᠡᠵᠦ᠂ ᠵᠦᠷᠢᠶᠡᠴᠢᠯᠡᠭᠰᠡᠨ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ ᠶᠢ | ᠢᠵᠢ ᠪᠥᠷᠢᠳᠦᠭᠦᠯᠦᠨ᠂ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠳᠤ ᠲᠤᠰᠬᠠᠢ ᠲᠣᠭᠲᠠᠭᠠᠭᠰᠠᠨ ᠮᠥᠩᠭᠦᠨ ᠭᠦᠶᠯᠭᠡᠭᠡᠨ ᠤ ᠦᠶᠯᠡᠴᠢᠯᠡᠭᠡᠨ ᠤ ᠲᠥᠰᠦᠯ ᠢ | ᠬᠠᠩᠭᠠᠪᠠ᠃ ᠬᠤᠶᠠᠷ ᠲᠠᠯ᠎ᠠ ᠪᠠᠷ ᠢᠶᠠᠨ ᠵᠣᠯᠭᠠᠯᠴᠠᠭ᠎ᠠ ᠬᠢᠬᠦ ᠪᠠᠷ ᠳᠡᠮᠵᠢᠨ ᠬᠠᠮᠲᠤ ᠶᠢᠨ ᠲᠠᠨᠢᠯᠲᠠ ᠲᠠᠢ ᠪᠣᠯᠵᠣ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠤᠪᠢᠴᠠᠭᠠᠲᠤ ᠬᠢᠵᠠᠭᠠᠷᠲᠤ ᠺᠣᠮᠫᠠᠨᠢ ᠶᠢᠨ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ᠲᠤ ᠬᠠᠮᠲᠤ ᠪᠠᠷ ᠭᠠᠷ ᠤᠨ ᠥᠰᠥᠭ ᠵᠢᠷᠤᠵᠤ᠂ 5000 ᠳ᠋ᠦᠩᠰᠢᠭᠤᠷ ᠲᠥᠭᠦᠷᠢᠭ ᠢ ᠳᠠᠪᠠᠭᠰᠠᠨ | ᠪᠠᠯᠠ ᠮᠦᠩᠬᠦ ᠴᠤᠭᠯᠠᠭᠤᠯᠬᠤ ᠵᠦᠶᠯ ᠢ ᠪᠣᠯᠵᠣᠨ ᠲᠣᠭᠲᠠᠪᠠ᠃ | | | | | | | | ᠭᠠᠷ ᠤᠨ ᠦᠰᠦᠭ ᠵᠢᠷᠤᠬᠤ ᠶᠣᠰᠣᠯᠠᠯ ᠠᠴᠠ ᠡᠮᠦᠨ᠎ᠡ᠂ ᠰᠦᠨ ᠱᠤᠤ ᠴᠧᠩ ᠪᠤᠯᠤᠨ ᠬᠦ᠋ ᠱᠸ ᠬᠡᠯᠡᠯᠴᠡᠭᠡ ᠬᠢᠪᠡ᠃ ᠰᠦᠨ ᠱᠤᠤ ᠴᠧᠩ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠤ | ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠡᠷᠦᠩᠬᠡᠶ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠮᠠᠨ ᠤ ᠣᠷᠣᠨ ᠤ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢᠨ ᠪᠥᠲᠥᠭᠡᠨ | ᠪᠠᠶᠢᠭᠤᠯᠤᠯᠲᠠ ᠶᠢ ᠳᠡᠮᠵᠢᠬᠦ ᠰᠠᠨᠠᠯ ᠢ ᠲᠤᠰᠬᠠᠶᠢᠯᠠᠨ ᠨᠡᠶᠢᠲᠡᠯᠡᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠵᠣᠭᠰᠣᠴᠠ ᠪᠠ ᠪᠠᠲᠤ ᠴᠢᠩᠭ᠎ᠠ ᠬᠠᠷᠢᠭᠤᠴᠠᠯᠭ᠎ᠠ | ᠡᠭᠦᠷᠭᠡᠯᠡᠯ ᠢ ᠢᠯᠡᠷᠡᠭᠦᠯᠪᠡ᠃ ᠰᠠᠨᠠᠯ ᠨᠡᠶᠢᠲᠡᠯᠡᠵᠦ᠂ ᠵᠥᠪᠯᠡᠯᠴᠡᠭᠡᠷ ᠲᠤ ᠭᠠᠷ ᠤᠨ ᠦᠰᠦᠭ ᠵᠢᠷᠤᠬᠰᠠᠨ ᠵᠡᠷᠭᠡ ᠨᠢ ᠴᠥᠮ ᠦᠨᠡᠨ ᠰᠡᠳᠭᠢᠯ ᠤᠨ ᠳᠡᠮᠵᠢᠯᠭᠡ ᠪᠠ | ︽ᠦᠨᠡᠨ ᠪᠣᠳᠠᠲᠠᠢ︾ ᠪᠡᠯᠡ ᠣᠷᠣᠭᠤᠯᠤᠯᠲᠠ ᠪᠠᠶᠢᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠶᠢ | ᠭᠦᠢᠴᠡᠳ ᠢᠯᠡᠷᠡᠭᠦᠯᠪᠡ᠃ ᠪᠢᠳᠡ ᠳᠤᠷᠠᠲᠠᠶ᠎ᠠ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠯᠤᠭ᠎ᠠ ᠬᠠᠮᠲᠤ ᠪᠠᠷ ᠴᠢᠷᠮᠠᠶᠢᠵᠤ᠂ ᠬᠤᠶᠠᠷ ᠲᠠᠯ᠎ᠠ ᠶᠢᠨ ᠣᠲᠣ | ᠦᠶ᠎ᠡ ᠶᠢᠨ ᠮᠠᠯ ᠠᠵᠤ ᠠᠬᠤᠶ ᠲᠠᠷᠢᠶᠠᠯᠠᠩ ᠤᠨ ᠬᠥᠭᠵᠢᠯᠲᠡ᠂ ᠰᠢᠨ᠎ᠡ ᠡᠨᠧᠷᠭᠢ ᠶᠢᠨ ᠪᠥᠲᠥᠭᠡᠨ ᠪᠠᠶᠢᠭᠤᠯᠤᠯᠲᠠ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ | ᠤᠮᠠᠷᠠᠰᠢ ᠨᠡᠭᠡᠭᠡᠯᠲᠡ ᠬᠢᠬᠦ᠂ ᠣᠷᠣᠨ ᠨᠤᠲᠤᠭ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠵᠡᠷᠭᠡ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠵᠥᠪᠯᠡᠨ ᠲᠣᠭᠲᠠᠭᠰᠠᠨ ᠵᠦᠶᠯ ᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ | ᠵᠠᠰᠠᠭ ᠪᠠᠩᠬᠢ ᠶᠢᠨ ᠬᠠᠮᠲᠤᠷᠠᠯᠴᠠᠭᠠᠨ ᠤ ᠰᠢᠨ᠎ᠡ ᠬᠡᠪ ᠵᠠᠭᠪᠤᠷ ᠢ ᠪᠣᠶ ᠪᠣᠯᠭᠠᠨ᠎ᠠ᠃ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠡᠷᠡᠭᠰᠡᠬᠦ ᠥᠪᠥᠷ | ᠮᠣᠩᠭᠤᠯ ᠤᠨ ᠳᠡᠮᠵᠢᠯᠭᠡ ᠪᠠ ᠬᠠᠮᠵᠢᠯᠴᠠᠭ᠎ᠠ ᠶᠢᠨ ᠵᠦᠢᠯ ᠢ ᠪᠢᠳᠡ ᠯᠠᠪᠲᠠᠶ ᠪᠦᠬᠦ ᠬᠦᠴᠦ ᠪᠠᠷ ᠢᠶᠠᠨ ᠴᠢᠷᠮᠠᠶᠢᠨ ᠪᠡᠶᠡᠯᠡᠬᠦᠯᠦᠨ᠎ᠡ ᠭᠡᠵᠡᠢ᠃ ᠬᠦ᠋ ᠱᠸ ᠥᠪᠥᠷ | ᠮᠣᠩᠭᠤᠯ ᠤᠨ ᠤᠷᠳᠤ ᠬᠤᠭᠤᠴᠠᠭᠠᠨ ᠤ ᠲᠤᠷᠰᠢ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠥᠭᠵᠢᠯᠲᠡ ᠳᠤ ᠦᠵᠡᠭᠦᠯᠦᠭᠰᠡᠨ ᠬᠠᠯᠠᠮᠵᠢᠯᠠᠯ ᠳᠡᠮᠵᠢᠯᠭᠡ ᠳᠤ | ᠲᠠᠯᠠᠷᠬᠠᠵᠤ ᠪᠠᠶᠢᠬᠤ ᠪᠠᠨ ᠢᠯᠡᠳᠭᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠤᠭᠰᠠᠨ ᠠᠮᠵᠢᠯᠲᠠ ᠳᠤ ᠪᠠᠶᠠᠷ ᠬᠦᠷᠭᠡᠪᠡ᠃ | ᠲᠡᠷᠡ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠥᠪᠥᠷ ᠮᠣᠩᠭᠤᠯ ᠳᠠᠬᠢ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ | ᠪᠠᠶᠢᠨ᠎ᠠ᠂ ᠪᠢᠳᠡ ᠳᠤᠷᠠᠲᠠᠶ᠎ᠠ ᠲᠣᠰ ᠤᠳᠠᠭ᠎ᠠ ᠶᠢᠨ ᠵᠥᠪᠯᠡᠯᠴᠡᠭᠡᠷ ᠲᠣᠭᠲᠠᠭᠰᠠᠨ ᠢᠶᠠᠷ ᠠᠵᠠ ᠲᠣᠬᠢᠶᠠᠯ ᠪᠣᠯᠭᠠᠵᠤ᠂ ᠲᠣᠭᠲᠠᠭᠰᠠᠨ ᠲᠥᠰᠦᠯ ᠪᠣᠯᠤᠨ ᠵᠥᠪᠯᠡᠯᠴᠡᠭᠡᠷ ᠤᠨ | ᠠᠭᠤᠯᠭ᠎ᠠ ᠶᠣᠰᠣᠭᠠᠷ᠂ ᠥᠪᠥᠷ ᠮᠣᠩᠭᠤᠯ ᠳᠤ ᠮᠥᠩᠭᠦᠨ ᠭᠦᠶᠯᠭᠡᠭᠡᠨ ᠤ ᠳᠡᠮᠵᠢᠯᠭᠡ ᠦᠵᠡᠭᠦᠯᠬᠦ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠬᠠᠮᠲᠤ ᠪᠠᠷ ᠶᠡᠷᠦᠩᠬᠡᠶ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠣᠳᠠᠲᠠᠶ ᠳᠤ | ᠨᠠᠶᠢᠳᠠᠪᠤᠷᠢᠵᠢᠭᠤᠯᠤᠨ᠎ᠠ ᠭᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠤᠢ ᠯᠢ ᠰᠢᠨ ᠠᠵᠢᠯᠯᠠᠭ᠎ᠠ ᠳᠤ | ᠣᠷᠣᠯᠴᠠᠵᠠᠢ᠃ |