ᠰᠦᠨ ᠱᠤᠤ ᠴᠧᠩ ᠡᠷᠢᠶᠡᠨ ᠬᠤᠲᠠ ᠶᠢᠨ ᠬᠢᠵᠢᠭ ᠤᠨ ᠪᠠᠶᠢᠳᠠᠯ ᠢ ᠰᠢᠶᠳᠪᠦᠷᠢᠯᠡᠬᠦ ᠠᠵᠢᠯ ᠢ ᠸᠢᠳᠢᠣ᠋ ᠪᠠᠷ ᠲᠣᠬᠢᠷᠠᠭᠤᠯᠤᠯᠳᠠ ᠬᠢᠪᠡ  ᠸᠠᠩ ᠯᠢ ᠰᠢᠶᠠ ᠣᠷᠣᠯᠴᠠᠵᠠᠢ
ᠨᠡᠶᠢᠲᠡᠯᠡᠭᠰᠡᠨ ᠴᠠᠭ᠄
2022/8/3
      8 ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠡᠷᠢᠶᠡᠨ ᠬᠤᠲᠠ ᠶᠢᠨ ᠬᠢᠵᠢᠭ ᠤᠨ ᠪᠠᠶᠢᠳᠠᠯ ᠢ ᠰᠢᠶᠳᠪᠦᠷᠢᠯᠡᠬᠦ ᠠᠵᠢᠯ ᠢ ᠸᠢᠳᠢᠣ᠋ ᠪᠠᠷ ᠲᠣᠬᠢᠷᠠᠭᠤᠯᠤᠯᠳᠠ ᠬᠢᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠷᠰᠢᠯᠭ᠎ᠠ ᠶᠢ ᠰᠠᠶᠢᠲᠤᠷ ᠠᠰᠢᠭᠯᠠᠨ᠂ ᠰᠤᠷᠭᠠᠮᠵᠢ ᠠᠪᠴᠤ᠂ ᠴᠠᠭ ᠮᠥᠴᠡ ᠲᠠᠢ ᠤᠷᠤᠯᠳᠤᠨ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠬᠢᠵᠢᠭ ᠤᠨ ᠳᠠᠷᠬᠠᠨ ᠳᠡᠯᠭᠡᠷᠡᠬᠦ ᠶᠢ ᠡᠷᠡᠰ ᠲᠦᠷᠭᠡᠨ ᠬᠤᠷᠢᠭᠯᠠᠵᠤ᠂ ᠬᠠᠮᠤᠭ ᠤᠨ ᠣᠬᠤᠷᠬᠠᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠡᠵᠡᠮᠳᠡᠬᠦ ᠪᠠᠷ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃
0803孙绍骋视频调度二连浩特市疫情处置工作 王莉霞出席.jpeg
0803孙绍骋视频调度二连浩特市疫情处置工作 王莉霞出席2.jpeg
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠣᠷᠣᠯᠴᠠᠭᠰᠠᠨ ᠪᠥᠭᠡᠳ ᠪᠣᠳᠠᠲᠠᠶ ᠱᠠᠭᠠᠷᠳᠠᠯᠭ᠎ᠠ ᠳᠤᠷᠠᠳᠪᠠ᠃       ᠡᠮᠦᠨ᠎ᠡ ᠹᠷᠣᠨᠲ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠰᠦᠨ ᠱᠤᠤ ᠴᠧᠩ ᠶᠠᠮᠠᠷ ᠬᠦᠴᠢᠷᠳᠡᠯ ᠪᠠ ᠠᠰᠠᠭᠤᠳᠠᠯ ᠪᠠᠶᠢᠬᠤ ᠶᠢ ᠨᠠᠷᠢᠨ ᠠᠰᠠᠭᠤᠪᠠ᠃ ᠲᠡᠷᠡ᠂ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠳᠤ ᠵᠠᠩᠭᠢᠯᠠᠭ᠎ᠠ ᠨᠢ ᠲᠦᠷᠭᠡᠨ ᠬᠦᠳᠡᠯᠦᠯᠴᠡᠨ ᠲᠦᠷᠭᠡᠨ ᠲᠠᠷᠬᠠᠨ ᠳᠡᠯᠭᠡᠷᠡᠬᠦ ᠶᠢ ᠬᠤᠷᠢᠭᠯᠠᠵᠤ᠂ ᠸᠢᠷᠦ᠋ᠰ ᠲᠠᠢ ᠤᠷᠤᠯᠳᠤᠵᠤ᠂ ᠸᠢᠷᠦ᠋ᠰ ᠢ ᠢᠯᠠᠬᠤ ᠬᠡᠷᠡᠭᠳᠠᠢ᠃ ᠦᠷᠭᠦᠯᠵᠢᠯᠡᠨ ᠪᠥᠬᠦ ᠬᠦᠴᠦᠨ ᠢᠶᠠᠷ ᠢᠶᠠᠨ ᠴᠢᠷᠮᠠᠶᠢᠵᠤ᠂ ︽ᠪᠦᠭᠡᠰᠦᠨ ᠳᠤ ᠬᠢᠲᠤᠭ᠎ᠠ ᠭᠠᠷᠭᠠᠬᠤ︾ ᠱᠠᠭᠠᠷᠳᠠᠯᠭ᠎ᠠ ᠶᠣᠰᠣᠭᠠᠷ ᠠᠵᠢᠯ ᠢᠶᠠᠨ ᠰᠠᠶᠢᠲᠤᠷ ᠬᠢᠵᠦ᠂ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠶᠢ ᠲᠦᠷᠭᠡᠨ ᠪᠥᠭᠡᠳ ᠥᠨᠳᠥᠷ ᠪᠦᠲᠦᠮᠵᠢᠲᠡᠶ ᠥᠷᠨᠢᠭᠦᠯᠵᠦ᠂ ᠲᠠᠬᠤᠯ ᠡᠪᠡᠳᠴᠢᠨ ᠤ ᠤᠬᠠᠭᠠᠨ ᠤ ᠪᠠᠶᠢᠴᠠᠭᠠᠯᠲᠠ ᠶᠢ ᠲᠦᠷᠭᠡᠨ ᠬᠢᠵᠦ᠂ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠷᠢᠯᠢᠭ ᠨᠠᠶᠢᠳᠠᠪᠤᠷᠢᠵᠢᠭᠤᠯᠵᠤ᠂ ᠸᠢᠷᠦ᠋ᠰ ᠤᠨ ᠲᠠᠷᠬᠠᠬᠤ ᠬᠡᠯᠬᠢᠶ᠎ᠡ ᠶᠢ ᠦᠨᠡᠨ ᠬᠦ ᠬᠠᠮᠤᠭ ᠤᠨ ᠲᠦᠷᠭᠡᠨ ᠬᠤᠷᠳᠤᠴᠠ ᠪᠠᠷ ᠲᠡᠰᠦᠯᠵᠦ᠂ ᠬᠢᠵᠢᠭ ᠤᠨ ᠪᠠᠶᠢᠳᠠᠯ ᠭᠠᠳᠠᠭᠰᠢ ᠳᠡᠯᠭᠡᠷᠡᠬᠦ ᠶᠢ ᠡᠷᠡᠰ ᠰᠡᠷᠭᠡᠶᠢᠯᠡᠬᠦ ᠬᠡᠷᠡᠭᠲᠡᠶ᠃ ᠣᠨᠣᠰᠢᠯᠠᠭᠳᠠᠭᠰᠠᠨ ᠡᠪᠡᠳᠴᠢᠲᠡᠨ ᠢ ᠴᠠᠭ ᠲᠤᠬᠠᠶ ᠳᠤᠨᠢ ᠪᠦᠲᠦᠮᠵᠢᠲᠡᠶ ᠠᠪᠤᠷᠠᠨ ᠵᠠᠰᠠᠵᠤ᠂ ᠬᠦᠨᠳᠦ ᠡᠪᠡᠳᠴᠢᠲᠡᠨ ᠪᠠ ᠡᠪᠡᠳᠴᠢᠨ ᠤ ᠵᠢᠱᠢᠶ᠎ᠡ ᠦᠬᠦᠬᠦ ᠪᠠᠶᠢᠳᠠᠯ ᠭᠠᠷᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠸᠢᠷᠦ᠋ᠰ ᠤᠨ ᠡᠬᠢ ᠰᠤᠷᠪᠤᠯᠵᠢ ᠶᠢ ᠮᠦᠷᠳᠡᠬᠦ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠠᠳᠬᠤᠵᠤ᠂ ᠬᠢᠵᠢᠭ ᠡᠭᠦᠰᠦᠭᠰᠡᠨ ᠡᠬᠢ ᠰᠤᠷᠪᠤᠯᠵᠢ ᠶᠢ ᠳᠠᠷᠤᠢ ᠲᠦᠷᠭᠡᠨ ᠪᠠᠶᠢᠴᠠᠭᠠᠨ ᠲᠤᠳᠤᠯᠠᠵᠤ᠂ ᠬᠠᠯᠳᠠᠪᠤᠷᠢᠯᠠᠬᠤ ᠬᠡᠯᠬᠢᠶ᠎ᠡ ᠶᠢ ᠲᠣᠳᠣᠷᠬᠠᠢ ᠤᠢᠢᠯᠠᠭᠠᠨ᠂ ᠰᠡᠷᠭᠡᠶᠢᠯᠡᠨ ᠡᠵᠡᠮᠳᠡᠬᠦ ᠶᠢ ᠬᠠᠷᠠᠯᠲᠠ ᠲᠠᠢ ᠪᠠᠷ ᠴᠢᠩᠭᠠᠳᠬᠠᠬᠤ ᠳᠤ ᠲᠦᠬᠦᠮ ᠦᠵᠡᠭᠦᠯᠬᠦ ᠬᠡᠷᠡᠭᠲᠡᠢ᠃ ᠵᠢᠭᠤᠯᠴᠢᠯᠠᠭᠰᠠᠳ ᠪᠠ ᠰᠠᠭᠤᠭᠠᠯᠢ ᠠᠷᠠᠳ ᠤᠨ ᠦᠶᠯᠡᠴᠢᠯᠡᠭᠡ ᠪᠠᠲᠤᠯᠠᠭ᠎ᠠ ᠶᠢ ᠨᠠᠷᠢᠨ ᠨᠢᠮᠪᠠᠶ ᠰᠠᠶᠢᠲᠤᠷ ᠬᠢᠵᠦ᠂ ᠬᠠᠨᠳᠤᠯᠭᠠᠲᠤ ᠴᠢᠨᠠᠷᠲᠠᠶ ᠪᠠᠷ ᠰᠡᠳᠭᠢᠴᠡ ᠶᠢᠨ ᠵᠢᠯᠣᠭᠤᠳᠣᠯᠭ᠎ᠠ ᠶᠢ ᠴᠢᠩᠭᠠᠳᠬᠠᠬᠤ ᠬᠡᠷᠡᠭᠲᠡᠶ᠃ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠲᠦᠷᠢᠮ ᠲᠣᠭᠲᠠᠭᠠᠯ ᠢ ᠴᠢᠩᠭ᠎ᠠ ᠵᠢᠷᠤᠮᠯᠠᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠬᠦ ᠪᠠ ᠪᠣᠭᠤᠮᠲᠠ ᠪᠠᠷ ᠥᠩᠭᠡᠷᠡᠬᠦ ᠶᠢ ᠪᠠᠲᠤᠯᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠢᠯᠢ ᠶᠢᠨ ᠪᠣᠭᠤᠮᠲᠠ ᠶᠢᠨ ᠠᠵᠢᠯᠯᠠᠭᠠᠨ ᠳᠤ ᠦᠵᠡᠭᠦᠯᠬᠦ ᠬᠢᠵᠢᠭ ᠤᠨ ᠪᠠᠶᠢᠳᠠᠯ ᠤᠨ ᠨᠥᠯᠥᠭᠡ ᠶᠢ ᠬᠠᠮᠤᠭ ᠤᠨ ᠶᠡᠭᠡ ᠴᠢᠷᠮᠠᠶᠢᠯᠭ᠎ᠠ ᠪᠠᠷ ᠪᠠᠭᠠᠰᠬᠠᠬᠤ ᠬᠡᠷᠡᠭᠲᠡᠢ᠃ ᠵᠢᠯᠣᠭᠤᠳᠬᠤ ᠰᠢᠰᠲ᠋ᠧᠮ ᠢ ᠴᠤᠮᠠᠬᠳᠬᠠᠨ ᠰᠢᠯᠢᠳᠡᠭᠵᠢᠭᠦᠯᠵᠤ ᠥᠨᠳᠥᠷ ᠪᠦᠲᠦᠮᠵᠢᠲᠡᠢ ᠠᠵᠢᠯᠯᠠᠬᠤ ᠶᠢ ᠪᠠᠲᠤᠯᠠᠵᠤ᠂ ᠠᠵᠢᠯ ᠤᠨ ᠲᠣᠭᠲᠠᠴᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠡᠢ᠃       ᠸᠠᠩ ᠯᠢ ᠰᠢᠶᠠ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠨ᠎ᠠ᠃ ᠰᠢᠯᠢ ᠶᠢᠨ ᠭᠤᠣᠯ ᠠᠶᠢᠮᠠᠭ ᠪᠣᠯᠤᠨ ᠡᠷᠢᠶᠡᠨ ᠬᠤᠳᠠ ᠵᠠᠪᠠᠯ ᠭᠦᠢᠴᠡᠳ ᠪᠡᠯᠡᠳᠭᠡᠯ ᠬᠢᠵᠦ᠂ ᠬᠠᠮᠤᠭ ᠤᠨ ᠬᠦᠴᠦᠲᠡᠢ ᠠᠷᠭ᠎ᠠ ᠬᠡᠮᠵᠢᠶ᠎ᠡ ᠠᠪᠴᠤ᠂ ᠲᠠᠶᠢᠪᠤᠰᠢᠷᠠᠬᠤ ᠪᠤᠳᠤᠯ ᠪᠣᠯᠤᠨ ᠠᠵᠠ ᠬᠠᠷᠠᠬᠤ ᠪᠤᠳᠤᠯ ᠲᠠᠢ ᠪᠠᠶᠢᠵᠤ ᠶᠠᠭᠠᠬᠢᠭᠰᠠᠨ ᠴᠤ ᠪᠣᠯᠬᠤ ᠦᠭᠡᠢ᠃ ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠬᠤ᠂ ᠲᠤᠰᠠᠭᠠᠷᠯᠠᠬᠤ ᠶᠣᠰᠣᠲᠠᠢ ᠶᠢ  ᠨᠢ ᠪᠦᠬᠦᠨ ᠢ ᠲᠤᠰᠠᠭᠠᠷᠯᠠᠬᠤ᠂ ᠬᠦᠯᠢᠶᠠᠨ ᠠᠪᠬᠤ ᠶᠣᠰᠣᠲᠠᠢ ᠶᠢ ᠨᠢ ᠪᠦᠬᠦᠨ ᠢ ᠬᠦᠯᠢᠶᠠᠨ ᠠᠪᠬᠤ᠂ ᠡᠮᠨᠡᠨ ᠵᠠᠰᠠᠬᠤ ᠶᠣᠰᠣᠲᠠᠢ ᠶᠢ ᠨᠢ ᠪᠦᠬᠦᠨ ᠢ ᠡᠮᠨᠡᠨ ᠵᠠᠰᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠣᠭᠤᠮᠲᠠ ᠪᠠᠷ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢ ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠤᠯᠠᠨ ᠲᠦᠮᠡᠨ ᠤ ᠬᠡᠪ ᠤᠨ ᠡᠮ ᠬᠡᠷᠡᠭᠯᠡᠵᠦ ᠡᠪᠡᠳᠴᠢᠨ ᠦᠵᠡᠭᠦᠯᠬᠦ ᠬᠡᠷᠡᠭᠴᠡᠭᠡ ᠶᠢ ᠨᠢᠭᠡᠳᠦᠯᠲᠡᠢ ᠲᠥᠯᠥᠪᠵᠢᠭᠦᠯᠵᠦ᠂ ᠲᠦᠷᠭᠡᠨ ᠬᠦᠳᠡᠯᠦᠯᠴᠡᠨ ᠲᠦᠷᠭᠡᠨ ᠲᠠᠷᠬᠠᠨ ᠲᠡᠯᠭᠡᠷᠡᠬᠦ ᠶᠢ ᠬᠤᠷᠢᠭᠯᠠᠵᠤ᠂ ᠲᠦᠷᠭᠡᠨ ᠤ ᠲᠤᠮᠳᠠ ᠢᠯᠠᠯᠲᠠ ᠤᠯᠵᠤ᠂ ᠴᠠᠭ ᠮᠥᠴᠡ ᠲᠠᠢ ᠤᠷᠤᠯᠳᠤᠨ᠂ ᠸᠢᠷᠦ᠋ᠰ ᠲᠠᠢ ᠤᠷᠤᠯᠳᠤᠵᠤ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠬᠡᠯᠬᠢᠶ᠎ᠡ ᠶᠢ ᠡᠷᠡᠰ ᠬᠦᠴᠦᠲᠡᠢ ᠲᠠᠰᠤᠯᠬᠤ ᠬᠡᠷᠡᠭᠲᠡᠢ ᠬᠡᠪᠡ᠃       ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠢᠤᠢ ᠯᠢ ᠰᠢᠨ᠂ ᠪᠣᠣ ᠰᠢᠶᠠᠨ ᠬᠤᠸᠠ ᠠᠵᠢᠯᠯᠠᠭ᠎ᠠ ᠳᠤ ᠣᠷᠣᠯᠴᠠᠵᠠᠢ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ