8 ᠳ᠋ᠤᠭᠠᠷ ᠰᠠᠷ᠎ᠠ ᠶᠢᠨ 2 ᠤᠨ ᠡᠳᠦᠷ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠤᠨ ᠳ᠋ᠠᠶᠢᠲ᠋ᠠ ᠶᠢᠨ ᠲᠥᠪ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠲᠤ ᠠᠵᠢᠯ ᠢᠶᠠᠨ ᠡᠬᠢᠯᠡᠭᠦᠯᠦᠨ ᠰᠠᠭᠤᠷᠢ ᠲᠠᠯᠪᠢᠪᠠ᠃ | ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠬᠥ᠋ ᠱᠦ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠨᠠᠷ ᠰᠠᠭᠤᠷᠢ ᠲᠠᠯᠪᠢᠬᠤ ᠶᠣᠰᠣᠯᠠᠯ ᠳᠤ ᠣᠷᠣᠯᠴᠠᠭᠰᠠᠨ | ᠪᠥᠭᠡᠳ ᠠᠵᠢᠯ ᠡᠬᠢᠯᠡᠭᠦᠯᠬᠦ ᠲᠥᠷᠥᠯ ᠵᠦᠢᠯ ᠳᠤ ᠰᠠᠭᠤᠷᠢ ᠲᠠᠯᠪᠢᠪᠠ᠃ | ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠤᠨ ᠳ᠋ᠠᠶᠢᠲ᠋ᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯ | ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠤᠯᠤᠰ ᠤᠨ ︽ᠵᠡᠭᠦᠨ ᠤ ᠳ᠋ᠠᠶᠢᠲ᠋ᠠ ᠶᠢ ᠪᠠᠷᠠᠭᠤᠨ ᠳᠤ ᠪᠤᠳᠤᠬᠤ︾ ᠢᠨᠵᠧᠨᠧᠷᠢᠩ ᠳᠤ ᠢᠳᠡᠪᠬᠢᠲᠡᠢ | ᠠᠭᠤᠰᠤᠯᠴᠠᠵᠤ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠬᠠᠨᠳᠤᠰᠢ ᠳᠤ ᠵᠣᠬᠢᠴᠠᠭᠤᠯᠤᠨ᠂ ᠲᠣᠭᠠᠴᠢᠯᠠᠭᠰᠠᠨ ᠴᠠᠭ ᠦᠶ᠎ᠡ ᠶᠢᠨ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠶᠢᠨ ᠲᠤᠰᠠᠳᠠ ᠡᠬᠢᠯᠡᠨ ᠪᠦᠲᠦᠭᠡᠨ | ᠪᠠᠶᠢᠭᠤᠯᠤᠭᠰᠠᠨ ᠴᠢᠬᠤᠯᠠ ᠶᠡᠭᠡ ᠳ᠋ᠠᠶᠢᠲ᠋ᠠ ᠶᠢᠨ ᠲᠥᠪ ᠤᠨ ᠲᠥᠷᠥᠯ ᠵᠦᠢᠯ ᠪᠣᠯᠣᠨ᠎ᠠ᠃ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 88 | ᠳ᠋ᠦᠩᠰᠢᠭᠤᠷ ᠲᠥᠭᠦᠷᠢᠭ᠂ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ 71 ᠲᠦᠮᠡᠨ ᠺᠦᠸᠠᠳ᠋ ᠮᠧᠲᠷ ᠲᠤ ᠬᠦᠷᠴᠦ᠂ ᠪᠦᠬᠦᠨ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ | ᠦᠢᠯᠡᠴᠢᠯᠡᠭᠡᠨ ᠤ ᠮᠠᠰᠢᠨ ᠴᠣᠭᠴᠠᠯᠠᠪᠤᠷᠢ ᠶᠢᠨ ᠴᠢᠳᠠᠪᠤᠷᠢ ᠨᠢ 30 ᠲᠦᠮᠡ ᠳᠤ ᠬᠥᠷᠥᠨ᠎ᠡ᠃ ᠲᠥᠷᠥᠯ ᠵᠦᠢᠯ ᠢ 3 ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠵᠤ᠂ | ᠨᠢᠭᠡᠳᠦᠭᠡᠷ ᠬᠤᠭᠤᠴᠠᠭᠠᠨ ᠤ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ ᠪᠠᠷᠤᠭ 20.9 ᠲᠦᠮᠡᠨ ᠺᠦᠸᠠᠳ᠋ ᠮᠧᠲᠷ ᠪᠠᠶᠢᠵᠤ᠂ 2024 ᠣᠨ ᠤ ᠡᠴᠦᠰ ᠠᠴᠠ ᠡᠮᠦᠨ᠎ᠡ | ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠣᠶ᠃ | ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠤᠨ ᠳ᠋ᠠᠶᠢᠲ᠋ᠠ ᠶᠢᠨ ᠲᠥᠪ ᠪᠠᠶᠢᠭᠤᠯᠤᠭᠳᠠᠭᠰᠠᠨ ᠤ ᠳᠠᠷᠠᠭ᠎ᠠ᠂ ᠲᠠᠷᠢᠶᠠᠯᠠᠩ ᠤᠨ | ᠪᠠᠩᠬᠢ ᠶᠢᠨ ᠳ᠋ᠠᠶᠢᠲ᠋ᠠ ᠶᠢᠨ ᠲᠥᠪ ᠤᠨ ᠭᠠᠮᠰᠢᠭ ᠲᠤ ᠪᠡᠯᠡᠳᠬᠡᠬᠦ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠬᠦ᠂ ᠶᠡᠭᠡ ᠬᠡᠮᠵᠢᠶᠡᠨ ᠤ ᠳ᠋ᠠᠶᠢᠲ᠋ᠠ ᠶᠢ ᠵᠠᠳᠠᠯᠬᠤ ᠪᠠ | ᠬᠠᠳᠠᠭᠠᠯᠠᠯᠲᠠ ᠶᠢᠨ ᠬᠡᠷᠡᠭᠴᠡᠭᠡ ᠶᠢ ᠬᠠᠩᠭᠠᠬᠤ ᠵᠡᠷᠭᠡ ᠲᠠᠯ᠎ᠠ ᠪᠠᠷ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠬᠤᠷᠢᠨᠭᠡᠷ ᠰᠢᠨ᠎ᠡ | ᠲᠣᠭᠤᠷᠢᠭ ᠤᠨ ︽ᠳᠤᠮᠳᠠᠳᠤ ᠤᠯᠤᠰ ᠤᠨ ᠡᠭᠦᠯᠡᠨ ᠬᠥᠨᠳᠡᠢ︾ ︽ᠮᠥᠩᠭᠦᠨ ᠭᠦᠢᠯᠭᠡᠭᠡᠨ ᠤ ᠡᠭᠦᠯᠡᠨ ᠬᠥᠨᠳᠡᠢ︾ ᠶᠢᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠪᠠ ᠣᠷᠣᠨ ᠤ ᠲᠥᠪ ᠤᠨ ᠳᠡᠭᠡᠳᠦ ᠲᠠᠰ ᠤᠨ ᠠᠵᠤ ᠦᠢᠯᠡᠰ ᠤᠨ ᠠᠮᠢ ᠠᠬᠤᠢ ᠶᠢᠨ ᠬᠡᠯᠬᠢᠶ᠎ᠡ ᠶᠢ | ᠪᠦᠲᠦᠭᠡᠬᠦ᠂ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ᠂ ᠬᠤᠲᠠ ᠶᠢᠨ ᠴᠢᠳᠠᠮᠵᠢ ᠶᠢ ᠥᠷᠭᠡᠳᠬᠡᠬᠦ ᠵᠡᠷᠭᠡ ᠲᠠᠯ᠎ᠠ ᠪᠠᠷ | ᠢᠳᠡᠪᠬᠢᠲᠡᠢ ᠦᠢᠯᠡᠳᠦᠯ ᠪᠠᠳᠠᠷᠠᠭᠤᠯᠤᠨ᠎ᠠ᠃ |