8 ᠳ᠋ᠤᠭᠠᠷ ᠰᠠᠷ᠎ᠠ ᠶᠢᠨ 2 ᠤᠨ ᠡᠳᠦᠷ ᠤᠨ 0 ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ | ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 8 ︵ᠴᠥᠮ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ︶᠂ ᠲᠤᠬᠠᠢ ᠶᠢᠨ ᠭᠠᠵᠠᠷ ᠤᠨ ᠡᠪᠡᠳᠴᠢᠨ ᠤ | ᠢᠯᠡᠷᠡᠯ ᠦᠭᠡᠢ ᠬᠠᠯᠳᠠᠪᠤᠷᠢᠯᠠᠭᠳᠠᠭᠴᠢ 3 ︵ᠴᠥᠮ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ︶ ᠨᠡᠮᠡᠭᠳᠡᠪᠡ᠃ ᠬᠢᠯᠢ ᠶᠢᠨ ᠭᠠᠳᠠᠨ᠎ᠠ ᠠᠴᠠ ᠣᠷᠣᠵᠤ | ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ | ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠨᠡᠮᠡᠭᠳᠡᠪᠡ᠃ | 8 ᠳ᠋ᠤᠭᠠᠷ ᠰᠠᠷ᠎ᠠ ᠶᠢᠨ 2 ᠤᠨ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠲᠤᠬᠠᠢ ᠶᠢᠨ ᠭᠠᠵᠠᠷ ᠤᠨ | ᠲᠣᠳᠣᠯᠠᠭᠰᠠᠨ ᠡᠪᠡᠳᠴᠢᠨ ᠤ ᠵᠢᠱᠢᠶ᠎ᠡ 16 ︵ᠴᠥᠮ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ︶᠂ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ | ᠦᠭᠡᠢ ᠬᠠᠯᠳᠠᠪᠤᠷᠢᠯᠠᠭᠳᠠᠭᠴᠢ 14 ︵ᠴᠥᠮ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ︶᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 4 ︵ᠴᠥᠮ ᠬᠥᠬᠡᠬᠤᠲᠠ ᠳᠤ︶ ᠪᠣᠢ᠃ ᠪᠥᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶᠠᠨ ᠳᠤ | ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ | ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ |