ᠮᠠᠨ ᠤ ᠣᠷᠣᠨ ᠤ 8 ᠳ᠋ᠤᠭᠠᠷ ᠰᠠᠷ᠎ᠠ ᠶᠢᠨ 30 ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/8/31

      8 ᠳ᠋ᠤᠭᠠᠷ ᠰᠠᠷ᠎ᠠ ᠶᠢᠨ 30 ᠤ ᠡᠳᠦᠷ ᠤᠨ 0 ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 7 ᠨᠡᠮᠡᠭᠳᠡᠵᠦ᠂ ᠡᠭᠦᠨ ᠳᠤ ᠬᠥᠯᠥᠨ ᠪᠣᠶᠢᠷ ᠬᠤᠲᠠ ᠳᠤ 2 ︵ᠴᠥᠮ ᠨᠡᠶᠢᠭᠡᠮ ᠲᠣᠭᠤᠷᠢᠭ ᠤᠨ ᠰᠢᠭᠰᠢᠨ ᠪᠠᠶᠢᠴᠠᠭᠠᠯᠲᠠ ᠠᠴᠠ ᠢᠯᠡᠷᠡᠭᠦᠯᠵᠦ᠂ ᠮᠠᠨᠵᠤᠤᠷ ᠬᠤᠲᠠ ᠳᠤ︶᠂ ᠰᠢᠯᠢ ᠶᠢᠨ ᠭᠤᠣᠯ ᠠᠶᠢᠮᠠᠭ ᠲᠤ 5 ︵ᠴᠥᠮ ᠲᠤᠰᠠᠭᠠᠷᠯᠠᠬᠤ ᠴᠡᠭ ᠠᠴᠠ ᠪᠠᠶᠢᠴᠠᠭᠠᠨ ᠭᠠᠷᠭᠠᠵᠤ᠂ ᠡᠷᠢᠶᠡᠨ ᠬᠤᠲᠠ ᠳᠤ︶ ᠪᠣᠢ᠃ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 4 ︵ᠴᠥᠮ ᠲᠤᠰᠠᠭᠠᠷᠯᠠᠬᠤ ᠴᠡᠭ ᠠᠴᠠ ᠪᠠᠶᠢᠴᠠᠭᠠᠨ ᠭᠠᠷᠭᠠᠵᠤ᠂ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ︶ ᠨᠡᠮᠡᠭᠳᠡᠪᠡ᠃ ᠲᠤᠬᠠᠢ ᠶᠢᠨ ᠭᠠᠵᠠᠷ ᠤᠨ ᠲᠣᠳᠣᠯᠠᠭᠰᠠᠨ 4 ᠡᠪᠡᠳᠴᠢᠨ ᠤ ᠵᠢᠱᠢᠶ᠎ᠡ ᠢᠯᠠᠷᠢᠰᠢᠵᠤ ᠡᠮᠨᠡᠯᠭᠡ ᠠᠴᠠ ᠭᠠᠷᠪᠠ᠂ ᠡᠭᠦᠨ ᠳᠤ ᠪᠤᠭᠤᠲᠤ ᠬᠤᠲᠠ ᠳᠤ 1 ︵ᠴᠢᠩᠱᠠᠨ ᠲᠣᠭᠤᠷᠢᠭ ᠲᠤ︶᠂ ᠤᠯᠠᠭᠠᠨᠴᠠᠪ ᠬᠤᠲᠠ ᠳᠤ 2 ︵ᠴᠥᠮ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ︶᠂ ᠣᠷᠳᠣᠰ ᠬᠤᠲᠠ ᠳᠤ 1 ︵ᠣᠲᠤᠭ ᠬᠤᠰᠢᠭᠤᠨ ᠳᠤ︶ ᠪᠣᠢ᠃ ᠡᠪᠡᠳᠴᠢᠨ ᠤ ᠢᠯᠡᠷᠡᠯ ᠦᠭᠡᠢ 2 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠴᠥᠮ ᠤᠯᠠᠭᠠᠨᠴᠠᠪ ᠬᠤᠲᠠ ᠳᠤ ︵ᠵᠢᠨᠢᠩ ᠲᠣᠭᠤᠷᠢᠭ ᠲᠤ 1᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 1︶ ᠪᠣᠢ᠃

      8 ᠳ᠋ᠤᠭᠠᠷ ᠰᠠᠷ᠎ᠠ ᠶᠢᠨ 30 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 38᠂ ᠡᠭᠦᠨ ᠳᠤ ᠪᠤᠭᠤᠲᠤ ᠬᠤᠲᠠ ᠳᠤ 1 ︵ᠴᠢᠩᠱᠠᠨ ᠲᠣᠭᠤᠷᠢᠭ ᠲᠤ︶᠂ ᠬᠥᠯᠥᠨ ᠪᠣᠶᠢᠷ ᠬᠤᠲᠠ ᠳᠤ 7 ︵ᠴᠥᠮ ᠮᠠᠨᠵᠤᠤᠷ ᠬᠤᠲᠠ ᠳᠤ︶᠂ ᠰᠢᠯᠢ ᠶᠢᠨ ᠭᠤᠣᠯ ᠠᠶᠢᠮᠠᠭ ᠲᠤ 20 ︵ᠴᠥᠮ ᠡᠷᠢᠶᠡᠨ ᠬᠤᠲᠠ ᠳᠤ︶᠂ ᠤᠯᠠᠭᠠᠨᠴᠠᠪ ᠬᠤᠲᠠ ᠳᠤ 4 ︵ᠴᠥᠮ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ︶᠂ ᠣᠷᠳᠣᠰ ᠬᠤᠲᠠ ᠳᠤ 6 ︵ᠵᠡᠭᠦᠨᠭᠠᠷ ᠬᠤᠰᠢᠭᠤᠨ ᠳᠤ 5᠂ ᠣᠲᠤᠭ ᠬᠤᠰᠢᠭᠤᠨ ᠳᠤ 1︶ ᠪᠣᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 37 ᠪᠠᠶᠢᠵᠤ᠂ ᠡᠭᠦᠨ ᠳᠤ ᠬᠥᠯᠥᠨ ᠪᠣᠶᠢᠷ ᠬᠤᠲᠠ ᠳᠤ 1 ︵ᠮᠠᠨᠵᠤᠤᠷ ᠬᠤᠲᠠ ᠳᠤ︶᠂ ᠰᠢᠯᠢ ᠶᠢᠨ ᠭᠤᠣᠯ ᠠᠶᠢᠮᠠᠭ ᠲᠤ 32 ︵ᠴᠥᠮ ᠡᠷᠢᠶᠡᠨ ᠬᠤᠲᠠ ᠳᠤ︶᠂ ᠤᠯᠠᠭᠠᠨᠴᠠᠪ ᠬᠤᠲᠠ ᠳᠤ 1 ︵ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ︶᠂ ᠠᠯᠠᠱᠠ ᠠᠶᠢᠮᠠᠭ ᠲᠤ 3 ︵ᠴᠥᠮ ᠠᠯᠠᠱᠠ ᠵᠡᠭᠦᠨ ᠬᠤᠰᠢᠭᠤᠨ ᠳᠤ︶ ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ 12᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 12 ᠪᠠᠶᠢᠵᠤ᠂ ᠴᠥᠮ ᠬᠥᠬᠡᠬᠤᠲᠠ ᠳᠤ ᠪᠣᠢ᠃ ᠡᠳᠡᠭᠡᠷ ᠬᠥᠮᠥᠰ ᠢ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠣᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ