8 ᠳ᠋ᠤᠭᠠᠷ ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ | ᠭᠤᠸᠠᠩ ᠵᠤᠤ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠳᠤ ᠬᠦᠷᠴᠦ᠂ ᠬᠠᠤᠯᠢ ᠴᠠᠭᠠᠵᠠ ᠶᠢᠨ | ᠵᠠᠰᠠᠭ ᠵᠠᠬᠢᠷᠭ᠎ᠠ ᠪᠠ ᠵᠠᠬᠢᠳᠠᠯ ᠰᠤᠷᠪᠤᠯᠵᠢᠯᠠᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ | ᠵᠧᠩ ᠭᠤᠸᠠᠩ ᠵᠤᠤ ᠨᠠᠷ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠥᠪᠥᠷ ᠮᠣᠩᠭᠤᠯ ᠤᠨ ︽12348︾ ᠤᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠬᠠᠯᠠᠮᠰᠢᠯ ᠤᠲᠠᠰᠤ᠂ ᠬᠠᠤᠯᠢᠵᠢᠯ ᠤᠨ ᠤᠬᠠᠭᠤᠯᠭ᠎ᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠣᠯᠣᠨ ᠵᠠᠬᠢᠳᠠᠯ ᠰᠤᠷᠪᠤᠯᠵᠢᠯᠠᠯ ᠤᠨ ᠸᠢᠳᠢᠤ᠋ | ᠲᠣᠬᠢᠷᠠᠭᠤᠯᠤᠯᠲᠠ᠂ ᠰᠤᠷᠪᠤᠯᠵᠢᠯᠠᠯ ᠢ ᠭᠥᠯᠢᠶᠡᠨ ᠠᠪᠬᠤ᠂ ᠵᠠᠬᠢᠳᠠᠯ ᠰᠤᠷᠪᠤᠯᠵᠢᠯᠠᠯ ᠢ ᠰᠢᠢᠳᠪᠦᠷᠢᠯᠡᠬᠦ᠂ ᠰᠦᠯᠵᠢᠶᠡᠨ ᠤ ᠵᠠᠬᠢᠳᠠᠯ ᠰᠤᠷᠪᠤᠯᠵᠢᠯᠠᠯ ᠵᠡᠷᠭᠡ ᠠᠵᠢᠯ ᠢ | ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠵᠤ᠂ ᠶᠠᠷᠢᠯᠴᠠᠬᠤ ᠬᠤᠷᠠᠯ ᠬᠤᠷᠠᠯᠳᠤᠭᠤᠯᠵᠤ ᠤᠳᠤᠷᠢᠳᠬᠤ ᠪᠠᠭ ᠤᠨ ᠭᠡᠰᠢᠭᠦᠳ ᠪᠣᠯᠣᠨ ᠺᠠᠳ᠋ᠷᠴᠤᠳ ᠲᠠᠢ | ᠶᠠᠷᠢᠯᠴᠠᠨ ᠰᠣᠯᠢᠯᠴᠠᠪᠠ᠃ ᠵᠧᠩ ᠭᠤᠸᠠᠩ ᠵᠤᠤ᠂ ᠤᠯᠤᠰ ᠲᠥᠷᠥ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠵᠣᠭᠰᠣᠴᠠ ᠪᠠᠨ ᠳᠡᠭᠡᠭᠰᠢᠯᠡᠭᠦᠯᠵᠦ᠂ | ᠶᠡᠭᠡ ᠲᠠᠯ᠎ᠠ ᠳᠤ ᠦᠢᠯᠡᠴᠢᠯᠡᠵᠦ ᠰᠠᠨᠠᠭᠠᠴᠢᠯᠠᠭ᠎ᠠ ᠠᠴᠠ ᠪᠠᠨ ᠠᠵᠢᠯᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠰᠢᠨ᠎ᠡ ᠡᠭᠦᠳᠦᠯᠲᠡ ᠳᠤ ᠠᠩᠬᠠᠷᠤᠯ ᠢᠶᠠᠨ | ᠲᠥᠪᠯᠡᠷᠡᠭᠦᠯᠦᠨ ᠬᠥᠭᠵᠢᠯᠲᠡ ᠶᠢ ᠠᠬᠢᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ ᠭᠤᠣᠯ ᠬᠠᠷᠢᠭᠤᠴᠠᠯᠭ᠎ᠠ ᠭᠤᠣᠯ ᠠᠵᠢᠯ ᠢᠶᠠᠨ ᠡᠭᠦᠷᠭᠡᠯᠡᠵᠦ᠂ ᠲᠥᠪ ᠭᠤᠣᠯᠴᠢ | ᠰᠢᠳᠤᠷᠭᠤ ᠶᠣᠰᠣ ᠶᠢ ᠪᠠᠲᠤ ᠰᠠᠬᠢᠵᠤ᠂ ᠣᠷᠣᠨ ᠢᠶᠠᠨ ᠪᠦᠬᠦ ᠲᠠᠯ᠎ᠠ ᠪᠠᠷ ᠬᠠᠤᠯᠢ ᠪᠠᠷ ᠵᠠᠰᠠᠬᠤ᠂ ᠬᠠᠤᠯᠢᠵᠢᠯ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠰᠢᠯᠢᠳᠡᠭᠵᠢᠭᠦᠯᠬᠦ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠣᠯᠣᠭᠰᠠᠨ ᠰᠢᠨ᠎ᠡ ᠦᠷ᠎ᠡ | ᠪᠦᠲᠦᠮᠵᠢ ᠪᠠᠷ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷᠯᠢᠭ ᠬᠥᠭᠵᠢᠯᠲᠡ ᠳᠤ ᠪᠦᠬᠦ ᠬᠦᠴᠦᠨ ᠢᠶᠠᠷ ᠢᠶᠠᠨ ᠦᠢᠯᠡᠴᠢᠯᠡᠬᠦ ᠬᠡᠷᠡᠭᠲᠡᠢ ᠭᠡᠵᠦ | ᠴᠢᠬᠤᠯᠠᠴᠢᠯᠠᠪᠠ᠃ ᠤᠯᠠᠨ ᠤ ᠲᠤᠰᠬᠠᠭᠰᠠᠨ ᠠᠰᠠᠭᠤᠳᠠᠯ ᠢ ᠦᠨᠡᠨ ᠰᠡᠳᠬᠢᠯ ᠠᠴᠠ ᠪᠠᠨ ᠬᠦᠴᠦᠯᠡᠨ ᠰᠢᠢᠳᠪᠦᠷᠢᠯᠡᠵᠦ᠂ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ | ᠪᠠᠶᠢᠴᠠᠭᠠᠨ ᠰᠢᠢᠳᠪᠦᠷᠢᠯᠡᠵᠦ᠂ ᠬᠠᠷᠢᠶᠠᠲᠤ ᠭᠠᠵᠠᠷ ᠤᠨ ᠬᠠᠷᠢᠭᠤᠴᠠᠯᠭ᠎ᠠ ᠪᠠ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠡᠭᠦᠷᠭᠡᠯᠡᠭᠦᠯᠵᠦ᠂ | ᠳᠤᠲᠠᠭᠤᠳᠠᠯ ᠢᠶᠠᠨ ᠨᠥᠬᠦᠪᠦᠷᠢᠯᠡᠵᠦ᠂ ᠰᠢᠨ᠎ᠡ ᠠᠷᠭ᠎ᠠ ᠬᠡᠮᠵᠢᠶ᠎ᠡ ᠪᠠᠷ ᠰᠢᠨ᠎ᠡ ᠪᠠᠶᠢᠳᠠᠯ ᠢ ᠠᠷᠭᠠᠴᠠᠭᠠᠵᠤ᠂ ᠵᠠᠬᠢᠳᠠᠯ ᠰᠤᠷᠪᠤᠯᠵᠢᠯᠠᠯ ᠪᠠ ᠠᠮᠤᠷ ᠲᠣᠭᠲᠠᠭᠤᠨ ᠢ | ᠬᠠᠮᠠᠭᠠᠯᠠᠬᠤ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ | ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃ |