ᠮᠠᠨ ᠤ ᠣᠷᠣᠨ ᠤ 8 ᠳ᠋ᠤᠭᠠᠷ ᠰᠠᠷ᠎ᠠ ᠶᠢᠨ 3 ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/8/4

      8 ᠳ᠋ᠤᠭᠠᠷ ᠰᠠᠷ᠎ᠠ ᠶᠢᠨ 3 ᠤ ᠡᠳᠦᠷ ᠤᠨ 0 ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 10 ᠨᠡᠮᠡᠭᠳᠡᠵᠦ᠂ ᠡᠭᠦᠨ ᠳᠤ ᠪᠤᠭᠤᠲᠤ ᠬᠤᠲᠠ ᠳᠤ 2᠂ ᠰᠢᠯᠢ ᠶᠢᠨ ᠭᠤᠣᠯ ᠠᠶᠢᠮᠠᠭ ᠲᠤ 2᠂ ᠤᠯᠠᠭᠠᠨᠴᠠᠪ ᠬᠤᠲᠠ ᠳᠤ 6 ᠪᠣᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 4 ︵ᠴᠥᠮ ᠰᠢᠯᠢ ᠶᠢᠨ ᠭᠤᠣᠯ ᠠᠶᠢᠮᠠᠭ ᠲᠤ︶ ᠨᠡᠮᠡᠭᠳᠡᠪᠡ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 2 ︵ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠨᠡᠮᠡᠭᠳᠡᠪᠡ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 19 ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠨᠡᠮᠡᠭᠳᠡᠪᠡ᠃

      8 ᠳ᠋ᠤᠭᠠᠷ ᠰᠠᠷ᠎ᠠ ᠶᠢᠨ 3 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 26 ᠪᠠᠶᠢᠵᠤ᠂ ᠡᠭᠦᠨ ᠳᠤ ᠪᠤᠭᠤᠲᠤ ᠬᠤᠲᠠ ᠳᠤ 2᠂ ᠰᠢᠯᠢ ᠶᠢᠨ ᠭᠤᠣᠯ ᠠᠶᠢᠮᠠᠭ ᠲᠤ 18᠂ ᠤᠯᠠᠭᠠᠨᠴᠠᠪ ᠬᠤᠲᠠ ᠳᠤ 6 ᠪᠣᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 18 ︵ᠴᠥᠮ ᠰᠢᠯᠢ ᠶᠢᠨ ᠭᠤᠣᠯ ᠠᠶᠢᠮᠠᠭ ᠲᠤ︶ ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 2 ︵ᠴᠥᠮ ᠬᠥᠬᠡᠬᠤᠲᠠ ᠳᠤ︶ ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 23 ︵ᠴᠥᠮ ᠬᠥᠬᠡᠬᠤᠲᠠ ᠳᠤ︶ ᠪᠣᠢ᠃ ᠪᠥᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ