ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠤᠸᠠ ᠸᠧᠶ ᠪᠦᠯᠦᠭᠯᠡᠯ ᠲᠠᠢ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ  ᠸᠠᠩ ᠯᠢ ᠰᠢᠶᠠ ᠭᠠᠷ ᠤᠨ ᠦᠰᠦᠭ ᠵᠢᠷᠤᠬᠤ ᠶᠢ ᠭᠡᠷᠡᠴᠢᠯᠡᠵᠡᠢ
ᠨᠡᠶᠢᠲᠡᠯᠡᠭᠰᠡᠨ ᠴᠠᠭ᠄
2022/8/5

      8 ᠰᠠᠷ᠎ᠠ ᠶᠢᠨ 4᠎ ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠥᠬᠡᠬᠤᠲᠠ ᠳᠤ ᠬᠤᠸᠠ ᠸᠧᠢ ᠮᠡᠷᠭᠡᠵᠢᠯ ᠤᠨ ᠬᠢᠵᠠᠭᠠᠷᠲᠤ ᠺᠣᠮᠫᠠᠨᠢ᠂ ᠬᠤᠸᠠ ᠸᠧᠢ ᠡᠭᠦᠯᠡᠨ ᠪᠤᠳᠤᠯᠳᠠ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠡᠭᠦᠯᠡᠨ ᠪᠤᠳᠤᠯᠳᠠ ᠶᠢᠨ ᠲᠥᠪ ᠤᠨ ᠬᠠᠮᠲᠤᠷᠠᠯᠴᠠᠭᠠᠨ ᠤ ᠪᠦᠳᠦᠬᠦᠪᠴᠢ ᠵᠥᠪᠯᠡᠯᠴᠡᠭᠡᠷ ᠲᠤᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠬᠤᠸᠠ ᠸᠧᠶ ᠺᠣᠮᠫᠠᠨᠢ ᠶᠢᠨ ᠵᠢᠵᠢᠭᠦᠷ ᠬᠡᠷᠡᠭ ᠮᠡᠳᠡᠭᠴᠢᠳ ᠤᠨ ᠳᠠᠷᠤᠭ᠎ᠠ ᠰᠢᠤᠢ ᡁᠢ ᠵᠢᠶᠦ᠋ᠨ ᠭᠠᠷ ᠤᠨ ᠥᠰᠥᠭ ᠵᠢᠷᠤᠬᠤ ᠶᠢ ᠭᠡᠷᠡᠴᠢᠯᠡᠵᠡᠶ᠃


0805自治区政府与华为集团签署合作协议 王莉霞见证签约.jpeg


0805自治区政府与华为集团签署合作协议 王莉霞见证签约2.jpeg


0805自治区政府与华为集团签署合作协议 王莉霞见证签约3.jpeg


      ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠢ ᠯᠢ ᠬᠤᠸᠠ ᠪᠣᠯᠤᠨ ᠬᠤᠸᠠ ᠸᠧᠢ ᠺᠣᠮᠫᠠᠨᠢ ᠶᠢᠨ ᠳᠡᠭᠡᠳᠦ ᠵᠡᠷᠭᠡ ᠶᠢᠨ ᠳᠡᠳ᠋ ᠶᠡᠷᠦᠩᠬᠡᠢ ᠵᠠᠬᠢᠷᠤᠭᠴᠢ ᠵᠠᠩ ᠫᠢᠩ ᠠᠨ ᠲᠤᠰ ᠲᠤᠰ ᠬᠤᠶᠠᠷ ᠲᠠᠯ᠎ᠠ ᠶᠢ ᠲᠥᠯᠥᠭᠡᠯᠡᠨ ᠪᠦᠳᠦᠬᠦᠪᠴᠢ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃ ᠵᠥᠪᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠡᠭᠦᠯᠡᠨ ᠳ᠋ᠠᠶᠢᠲ᠋ᠠ ᠶᠢᠨ ᠲᠥᠪ ᠤᠨ ᠪᠥᠲᠥᠭᠡᠨ ᠪᠠᠶᠢᠭᠤᠯᠤᠯᠲᠠ᠂ ᠵᠠᠰᠠᠭ ᠤᠨ ᠶᠠᠪᠤᠳᠠᠯ ᠤᠨ ᠲᠤᠭᠠᠴᠢᠯᠠᠬᠰᠠᠨ ᠦᠢᠯᠡᠴᠢᠯᠡᠭᠡ ᠶᠢᠨ ᠮᠡᠷᠬᠡᠵᠢᠯ ᠢ ᠡᠵᠡᠮᠳᠡᠵᠥ ᠡᠭᠦᠯᠡᠨ ᠲᠠᠪᠴᠠᠩ ᠳᠤ ᠭᠠᠷᠭᠠᠬᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠡᠭᠦᠯᠡᠨ ᠲᠠᠪᠴᠠᠩ ᠳᠤ ᠭᠠᠷᠭᠠᠬᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠶᠤᠨᠴᠢ ᠴᠣᠭᠴᠠ ᠵᠢᠴᠢ ᠵᠣᠬᠢᠶᠠᠮᠠᠯ ᠤᠶᠤᠨ ᠴᠢᠳᠠᠪᠤᠷᠢ ᠶᠢᠨ ᠠᠵᠤ ᠦᠢᠯᠡᠰ ᠲᠤ ᠬᠦᠴᠦᠨ ᠨᠡᠮᠡᠷᠢᠯᠡᠬᠦ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠴᠢᠩᠭᠠᠳᠬᠠᠵᠤ᠂ ᠥᠪᠥᠷ ᠮᠣᠩᠭᠤᠯ ᠤᠨ ᠠᠵᠤ ᠦᠢᠯᠡᠰ ᠤᠨ ᠲᠣᠭᠠᠴᠢᠯᠠᠭᠰᠠᠨ ᠬᠥᠭᠵᠢᠯᠲᠡ ᠶᠢ ᠬᠠᠮᠲᠤ ᠪᠠᠷ ᠠᠬᠢᠭᠤᠯᠬᠤ ᠪᠣᠯᠤᠨ᠎ᠠ᠃
      ᠭᠠᠷ ᠤᠨ ᠦᠰᠦᠭ ᠵᠢᠷᠤᠬᠤ ᠶᠣᠰᠣᠯᠠᠯ ᠠᠴᠠ ᠡᠮᠦᠨ᠎ᠡ᠂ ᠸᠠᠩ ᠯᠢ ᠰᠢᠶᠠ ᠰᠢᠤᠢ ᡁᠢ ᠵᠢᠶᠦ᠋ᠨ ᠨᠡᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠥᠷᠭᠡᠳᠭᠡᠵᠦ᠂ ᠬᠠᠮᠲᠤᠷᠠᠯᠴᠠᠭᠠᠨ ᠤ ᠲᠦᠷᠦᠯ ᠵᠦᠢᠯ ᠢ ᠳᠠᠷᠤᠢ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠦᠨᠡᠨ ᠪᠣᠳᠠᠲᠠᠢ ᠠᠬᠢᠴᠠ ᠲᠠᠢ ᠪᠣᠯᠭᠠᠨ᠎ᠠ ᠭᠡᠵᠦ ᠰᠠᠨᠠᠯ ᠨᠢᠭᠡᠲᠡᠢ ᠢᠯᠡᠳᠭᠡᠪᠡ᠃
      ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠭᠡᠷ᠎ᠡ ᠲᠣᠭᠲᠠᠬᠤ ᠶᠣᠰᠣᠯᠠᠯ ᠪᠠ ᠠᠭᠤᠯᠵᠠᠯᠲᠠ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ