ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠤᠨ ᠠᠮᠤᠷ ᠲᠦᠪᠰᠢᠨ ᠢ ᠴᠢᠩᠭ᠎ᠠ ᠬᠠᠮᠠᠭᠠᠯᠠᠬᠤ ᠶᠢᠨ ᠲᠤᠰᠠᠳᠠ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ︽ᠺᠦᠨᠯᠦ᠋ᠨ︾᠂ ︽ᠰᠡᠷᠢᠭᠦᠨ ᠰᠠᠯᠬᠢ︾᠂ ︽ᠬᠠᠪᠤᠷ ᠨᠠᠮᠤᠷ ᠤᠨ ᠤᠯᠠᠷᠢᠯ ᠳᠤ ᠬᠢᠯᠢ ᠪᠠᠷ ᠥᠩᠭᠡᠷᠡᠬᠦ ᠨᠡᠭᠦᠳᠡᠯ ᠤᠨ ᠰᠢᠪᠠᠭᠤ ᠶᠢ ᠬᠠᠮᠠᠭᠠᠯᠠᠬᠤ︾ ᠵᠡᠷᠭᠡ | ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠥᠬᠦ ᠣᠷᠣᠨ ᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ᠂ ᠬᠡᠭᠡᠷ᠎ᠡ ᠶᠢᠨ ᠠᠮᠢᠲᠠᠨ ᠤ ᠰᠦᠷᠦᠭᠵᠢᠯ ᠵᠢᠴᠢ | ᠲᠤᠭ᠎ᠠ ᠬᠡᠮᠵᠢᠶ᠎ᠡ ᠶᠢ ᠵᠢᠯ ᠳᠠᠷᠠᠭᠠᠯᠠᠨ ᠰᠡᠷᠭᠦᠭᠡᠨ ᠳᠡᠭᠡᠭᠰᠢᠯᠡᠭᠦᠯᠵᠦ᠂ ᠮᠠᠨ ᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠳᠤ | ᠬᠦᠴᠦᠨ ᠨᠡᠮᠡᠷᠢᠯᠡᠪᠡ᠃ | ᠨᠢᠭᠡ ᠳᠤ᠂ ᠡᠬᠢ ᠡᠭᠦᠰᠦᠯ ᠠᠴᠠ ᠨᠢ ᠴᠣᠬᠢᠯᠲᠠ ᠥᠭᠬᠦ ᠶᠢ ᠴᠢᠩᠭᠠᠳᠬᠠᠵᠤ᠂ ︽ᠺᠦᠨᠯᠦ᠋ᠨ︾᠂ ︽ᠰᠡᠷᠢᠭᠦᠨ ᠰᠠᠯᠬᠢ︾ ᠵᠡᠷᠭᠡ ᠲᠤᠰᠬᠠᠢ ᠠᠵᠢᠯᠯᠠᠭ᠎ᠠ ᠲᠠᠢ | ᠤᠶᠠᠯᠳᠤᠭᠤᠯᠤᠨ᠂ ᠬᠠᠷᠢᠶᠠᠲᠤ ᠣᠷᠣᠨ ᠤ ᠳᠣᠲᠣᠷᠠᠬᠢ ᠰᠢᠪᠠᠭᠤᠨ ᠤ ᠲᠣᠣᠷ ᠵᠡᠷᠭᠡ ᠬᠡᠭᠡᠷ᠎ᠡ ᠶᠢᠨ ᠠᠮᠢᠲᠠᠨ ᠢ ᠠᠩᠨᠠᠬᠤ ᠪᠠᠭᠠᠵᠢ ᠬᠡᠷᠡᠭᠰᠡᠯ ᠢ ᠪᠥᠬᠦ ᠲᠠᠯ᠎ᠠ ᠪᠠᠷ | ᠵᠢᠭᠰᠠᠭᠠᠨ ᠪᠠᠶᠢᠴᠠᠭᠠᠬᠤ᠂ ᠴᠡᠪᠡᠷᠯᠡᠨ ᠠᠷᠢᠯᠭᠠᠬᠤ ᠪᠠ ᠬᠤᠷᠢᠶᠠᠨ ᠠᠪᠴᠤ᠂ ᠲᠣᠣᠷ ᠢᠶᠠᠷ ᠠᠩᠨᠠᠬᠤ ᠵᠡᠷᠭᠡ ᠡᠯᠳᠡᠪ ᠮᠠᠭᠤ ᠠᠷᠭ᠎ᠠ ᠪᠠᠷ ᠬᠡᠭᠡᠷ᠎ᠡ ᠶᠢᠨ ᠠᠮᠢᠲᠠᠨ ᠢ | ᠳᠤᠷ᠎ᠠ ᠪᠠᠷ ᠢᠶᠠᠨ ᠠᠩᠨᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠪᠥᠬᠦ ᠬᠦᠴᠦᠨ ᠢᠶᠠᠷ ᠢᠶᠠᠨ ᠴᠣᠬᠢᠯᠲᠠ ᠥᠭᠴᠦ᠂ ᠬᠡᠭᠡᠷ᠎ᠡ ᠶᠢᠨ ᠠᠮᠢᠲᠠᠨ ᠤ ᠠᠮᠤᠷ | ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠳᠠᠯᠳᠠ ᠬᠡᠮ ᠢ ᠡᠬᠢ ᠡᠭᠦᠰᠦᠯ ᠠᠴᠠ ᠨᠢ ᠠᠷᠢᠯᠭᠠᠪᠠ᠃ | ᠬᠤᠶᠠᠷ ᠲᠤ᠂ ᠴᠠᠭᠳᠠᠭᠠᠨ ᠤ ᠲᠥᠷᠥᠯ ᠤᠨ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠵᠦ᠂ ᠬᠠᠮᠢᠶ᠎ᠠ ᠪᠦᠬᠦᠢ ᠴᠠᠭᠳᠠᠭᠠᠨ ᠤ ᠲᠥᠷᠥᠯ ᠵᠢᠴᠢ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠢ ᠵᠣᠬᠢᠴᠠᠭᠤᠯᠤᠨ᠂ ᠠᠵᠢᠭᠯᠠᠬᠤ ᠴᠡᠭ ᠪᠠᠶᠢᠷᠢᠯᠠᠭᠤᠯᠬᠤ᠂ ᠬᠠᠮᠢᠶᠠᠷᠤᠨ ᠬᠠᠮᠠᠭᠠᠯᠠᠬᠤ ᠥᠷᠲᠡᠭᠡ | ᠪᠠᠶᠢᠭᠤᠯᠬᠤ ᠪᠠ ᠣᠯᠠᠨ ᠴᠠᠭᠳᠠᠭᠠᠨ ᠤ ᠲᠥᠷᠥᠯ ᠣᠯᠠᠨ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠵᠦ᠂ ᠴᠡᠭᠴᠡᠯᠡᠨ ᠵᠠᠰᠠᠬᠤ ᠨᠡᠶᠢᠯᠡᠮᠡᠯ ᠬᠦᠴᠦᠨ ᠢ ᠪᠠᠳᠠᠷᠠᠭᠤᠯᠤᠨ᠂ | ᠴᠡᠭ ᠢᠶᠠᠷ ᠲᠠᠯᠠᠪᠠᠢ ᠶᠢ ᠳᠠᠶᠢᠴᠢᠯᠠᠵᠤ᠂ ᠱᠤᠭᠤᠮ ᠢᠶᠠᠷ ᠲᠠᠯᠠᠪᠠᠢ ᠶᠢ ᠬᠠᠮᠠᠭᠠᠯᠠᠵᠤ᠂ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠤᠨ ᠠᠮᠤᠷ ᠲᠦᠪᠰᠢᠨ ᠢ ᠦᠨᠡᠨ ᠬᠦ | ᠪᠠᠲᠤᠯᠠᠪᠠ᠃ ᠬᠤᠭᠤᠯᠠᠨ ᠭᠡᠷ᠂ ᠴᠡᠴᠡᠭ ᠰᠢᠪᠠᠭᠤᠨ ᠤ ᠵᠠᠬ᠎ᠠ ᠳᠡᠯᠭᠡᠭᠦᠷ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠭᠤᠭᠴᠤᠭ᠎ᠠ ᠶᠢᠨ ᠬᠠᠤᠯᠢ ᠬᠡᠷᠡᠭᠵᠢᠭᠦᠯᠵᠦ ᠬᠠᠮᠲᠤᠷᠠᠨ | ᠪᠠᠶᠢᠴᠠᠭᠠᠬᠤ ᠶᠢ ᠴᠢᠩᠭᠠᠳᠬᠠᠵᠤ᠂ ᠬᠡᠭᠡᠷ᠎ᠡ ᠶᠢᠨ ᠠᠮᠢᠲᠠᠨ ᠵᠢᠴᠢ ᠪᠦᠲᠦᠭᠡᠭᠳᠡᠬᠦᠨ ᠤ ᠰᠦᠯᠵᠢᠶᠡᠨ ᠤ ᠭᠠᠳᠠᠨᠠᠬᠢ ᠰᠣᠯᠢᠯᠴᠠᠭᠠᠨ ᠤ ᠮᠡᠳᠡᠭᠡ ᠵᠠᠩᠭᠢ ᠶᠢ ᠨᠢᠭᠲᠠ | ᠮᠥᠷᠳᠡᠵᠦ᠂ ᠡᠯ᠎ᠡ ᠲᠥᠷᠥᠯ ᠤᠨ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠵᠥᠭᠡᠭᠡᠪᠦᠷᠢᠯᠡᠬᠦ ᠪᠠ ᠡᠵᠡᠩᠨᠡᠬᠦ ᠬᠠᠷ᠎ᠠ ᠭᠢᠨᠵᠢ ᠶᠢ ᠲᠠᠰᠤᠯᠪᠠ᠃ | ᠭᠤᠷᠪᠠ ᠳᠤ᠂ ᠭᠤᠣᠯᠳᠠᠯᠭ᠎ᠠ ᠶᠢ ᠲᠣᠪᠤᠶᠢᠯᠭᠠᠨ ᠲᠣᠭᠤᠷᠢᠨ ᠪᠠᠶᠢᠴᠠᠭᠠᠵᠤ᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠬᠠᠮᠵᠢᠯᠴᠠᠨ ᠬᠡᠭᠡᠷ᠎ᠡ ᠶᠢᠨ | ᠠᠮᠢᠲᠠᠨ ᠤ ᠣᠷᠣᠰᠢᠨ ᠠᠮᠢᠳᠤᠷᠠᠬᠤ ᠭᠠᠵᠠᠷ᠂ ᠦᠷᠡᠵᠢᠯ ᠤᠨ ᠭᠠᠵᠠᠷ ᠵᠡᠷᠭᠡ ᠨᠡᠭᠦᠳᠡᠯᠯᠡᠬᠦ ᠵᠠᠮ ᠤᠨ ᠣᠷᠣᠨ ᠪᠦᠰᠡ᠂ ᠣᠨᠴᠠᠭᠠᠶᠢᠯᠠᠨ ᠬᠠᠳᠤᠨ ᠭᠤᠣᠯ ᠤᠨ ᠰᠠᠪᠠ | ᠭᠠᠵᠠᠷ᠂ ︽ᠬᠥᠯᠥᠨ ᠨᠠᠭᠤᠷ᠂ ᠲᠠᠶᠢᠭ᠎ᠠ ᠶᠢᠨ ᠨᠠᠭᠤᠷ᠂ ᠤᠯᠠᠭᠠᠨᠰᠤᠬᠠᠢ︾ ᠵᠡᠷᠭᠡ ᠣᠷᠣᠨ ᠪᠦᠰᠡ ᠶᠢ ᠲᠣᠭᠤᠷᠢᠨ ᠪᠠᠶᠢᠴᠠᠭᠠᠬᠤ ᠡᠷᠴᠢᠮ ᠢ ᠴᠢᠩᠭᠠᠷᠠᠭᠤᠯᠪᠠ᠃ | ᠳᠥᠷᠪᠡ ᠳᠤ᠂ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ ᠴᠠᠭ ᠠᠭᠤᠷ ᠵᠡᠷᠭᠡ ᠪᠠᠶᠢᠳᠠᠯ ᠢ ᠨᠢᠭᠲᠠ ᠬᠢᠨᠠᠨ ᠡᠵᠡᠮᠳᠡᠵᠦ᠂ ᠪᠡᠶ᠎ᠡ ᠮᠠᠭᠤᠲᠠᠢ᠂ | ᠰᠢᠷᠬᠠᠲᠤᠵᠤ ᠡᠪᠡᠳᠴᠢᠯᠡᠭᠰᠡᠨ ᠬᠡᠭᠡᠷ᠎ᠡ ᠶᠢᠨ ᠠᠮᠢᠳᠠᠨ ᠢ ᠠᠪᠤᠷᠠᠨ ᠲᠤᠰᠠᠯᠠᠬᠤ ᠶᠢ ᠴᠢᠩᠭᠠᠳᠬᠠᠪᠠ᠃ | ᠲᠠᠪᠤ ᠳᠤ᠂ ᠬᠢᠵᠢᠭ ᠢ ᠴᠢᠩᠭ᠎ᠠ ᠰᠡᠷᠭᠡᠶᠢᠯᠡᠵᠦ᠂ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠯᠦᠭᠡ ᠵᠣᠬᠢᠴᠠᠭᠤᠯᠤᠨ ᠬᠠᠮᠵᠢᠯᠴᠠᠵᠤ᠂ ᠬᠠᠷᠢᠶᠠᠲᠤ ᠣᠷᠣᠨ ᠤ | ᠳᠣᠲᠣᠷᠠᠬᠢ ᠬᠡᠭᠡᠷ᠎ᠡ ᠶᠢᠨ ᠠᠮᠢᠲᠠᠨ ᠢ ᠬᠠᠮᠠᠭᠠᠯᠠᠬᠤ᠂ ᠠᠪᠤᠷᠠᠨ ᠲᠤᠰᠠᠯᠠᠬᠤ ᠵᠢᠴᠢ ᠬᠢᠵᠢᠭ ᠢ ᠪᠠᠶᠢᠴᠠᠭᠠᠨ ᠰᠡᠷᠭᠡᠶᠢᠯᠡᠬᠦ ᠵᠡᠷᠭᠡ ᠠᠵᠢᠯ ᠢ ᠰᠠᠶᠢᠲᠤᠷ ᠬᠢᠪᠡ᠃ ᠢᠳᠡᠰᠢᠯᠡᠬᠦ | ᠭᠠᠵᠠᠷ ᠢ ᠲᠣᠭᠲᠠᠮᠠᠯ ᠬᠤᠭᠤᠴᠠᠭ᠎ᠠ ᠲᠠᠢ ᠪᠠᠷ ᠠᠷᠢᠭᠤᠳᠬᠠᠵᠤ᠂ ᠬᠡᠭᠡᠷ᠎ᠡ ᠶᠢᠨ ᠠᠮᠢᠲᠠᠨ ᠤ ᠬᠢᠵᠢᠭ ᠡᠭᠦᠰᠬᠦ ᠶᠢ ᠰᠡᠷᠭᠡᠶᠢᠯᠡᠪᠡ᠃ | ᠵᠢᠷᠭᠤᠭ᠎ᠠ ᠳᠤ᠂ ᠥᠷᠭᠡᠨ ᠢᠶᠠᠷ ᠤᠬᠠᠭᠤᠯᠤᠨ ᠲᠠᠶᠢᠴᠢᠯᠠᠵᠦ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ ᠵᠡᠷᠭᠡ ᠵᠠᠭᠤᠴᠢᠯᠠᠭᠤᠷ ᠪᠠ | ᠭᠡᠷᠡᠯ ᠵᠢᠷᠤᠭ ᠤᠨ ᠦᠵᠡᠭᠦᠯᠭᠡ ᠶᠢᠨ ᠰᠠᠮᠪᠠᠷ᠎ᠠ᠂ ᠤᠬᠠᠭᠤᠯᠭ᠎ᠠ ᠶᠢᠨ ᠬᠠᠭᠤᠳᠠᠰᠤ᠂ ᠴᠠᠭᠳᠠᠭ᠎ᠠ ᠠᠷᠠᠳ ᠤᠨ ᠬᠠᠷᠢᠯᠴᠠᠬᠤ ᠺᠠᠷᠲ ᠢ ᠲᠠᠷᠬᠠᠭᠠᠬᠤ ᠵᠡᠷᠭᠡ ᠬᠡᠯᠪᠡᠷᠢ ᠶᠢ | ᠠᠰᠢᠭᠯᠠᠵᠤ᠂ ᠬᠡᠭᠡᠷ᠎ᠡ ᠶᠢᠨ ᠠᠮᠢᠳᠠᠨ ᠢ ᠬᠠᠮᠠᠭᠠᠯᠠᠬᠤ ᠶᠢᠨ ᠴᠢᠬᠤᠯᠠ ᠠᠴᠢ ᠬᠤᠯᠪᠣᠭᠳᠠᠯ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠰᠬᠠᠢ ᠠᠵᠢᠯᠯᠠᠭ᠎ᠠ ᠶᠢᠨ ᠦᠷ᠎ᠡ ᠪᠦᠲᠦᠭᠡᠯ ᠢ ᠨᠡᠶᠢᠭᠡᠮ ᠨᠡᠶᠢᠲᠡ ᠳᠤ ᠥᠷᠭᠡᠨ ᠢᠶᠠᠷ ᠤᠬᠠᠭᠤᠯᠪᠠ᠃ |