ᠸᠠᠩ ᠯᠢ ᠰᠢᠶᠠ ᠭᠤᠷᠪᠠᠨ ᠬᠠᠪᠴᠢᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠧᠢ ᠮᠢᠩ ᠱᠠᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2022/8/8

      8 ᠰᠠᠷ᠎ᠠ ᠶᠢᠨ 7᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠳᠤᠮᠳᠠᠳᠤ ᠤᠯᠤᠰ ᠤᠨ ᠬᠥᠬᠡᠮᠥ᠋ᠷᠡᠨ ᠤ ᠭᠤᠷᠪᠠᠨ ᠬᠠᠪᠴᠢᠯ ᠤᠨ ᠪᠦᠯᠦᠭᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠧᠢ ᠮᠢᠩ ᠱᠠᠨ ᠨᠠᠷ ᠲᠠᠢ ᠠᠭᠤᠯᠵᠠᠪᠠ᠃

1.jpg

2.jpg


      ᠬᠤᠶᠠᠷ ᠲᠠᠯ᠎ᠠ ᠪᠠᠷ ᠢᠶᠠᠨ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠰᠢᠨ᠎ᠡ ᠡᠨᠧᠷᠭᠢ ᠶᠢᠨ ᠰᠠᠭᠤᠷᠢᠨ ᠢ ᠪᠦᠲᠦᠭᠡᠨ ᠪᠠᠶᠢᠭᠤᠯᠬᠤ ᠵᠡᠷᠭᠡ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠲᠣᠭᠲᠠᠭᠰᠠᠨ ᠵᠥᠪᠯᠡᠯᠴᠡᠭᠡᠷ ᠤᠨ ᠵᠦᠢᠯᠡᠰ ᠤᠨ ᠦᠨᠡᠨ ᠪᠣᠳᠠᠲᠠᠢ ᠠᠬᠢᠴᠠ ᠲᠠᠢ ᠪᠣᠯᠬᠤ ᠶᠢ ᠠᠬᠢᠭᠤᠯᠵᠤ᠂ ᠥᠪᠥᠷ ᠮᠣᠩᠭᠤᠯ ᠤᠨ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ ᠬᠦᠴᠦᠨ ᠨᠡᠮᠡᠷᠢᠯᠡᠨ᠎ᠡ ᠭᠡᠵᠦ ᠰᠠᠨᠠᠯ ᠨᠢᠭᠡᠲᠡᠢ ᠢᠯᠡᠳᠬᠡᠪᠡ᠃

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠭᠤᠷᠪᠠᠨ ᠬᠠᠪᠴᠢᠯ ᠤᠨ ᠪᠦᠯᠦᠭᠯᠡᠯ ᠤᠨ ᠶᠡᠷᠦᠩᠬᠡᠢ ᠵᠠᠬᠢᠷᠤᠯ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠬᠠᠨ ᠵᠢᠶᠦ᠋ᠨ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠯᠢ ᠹᠦ᠋ ᠮᠢᠨ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠶᠡᠷᠦᠩᠬᠡᠢ ᠵᠠᠬᠢᠷᠤᠯ ᠸᠠᠩ ᠯᠢᠶᠠᠩ ᠶᠢᠦ ᠨᠠᠷ ᠠᠭᠤᠯᠵᠠᠯᠲᠠ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ