ᠮᠠᠨ ᠤ ᠣᠷᠣᠨ ᠮᠤᠵᠢ ᠶᠢᠨ ᠱᠠᠲᠤᠨ ᠤ ᠪᠣᠯᠪᠠᠰᠤᠨ ᠵᠢᠭᠤᠯᠴᠢᠯᠠᠯ ᠤᠨ ᠲᠦᠷᠦᠭᠦᠦ ᠪᠦᠯᠦᠭ ᠤᠨ ᠵᠢᠱᠢᠶᠡᠴᠢ ᠨᠢᠭᠡᠴᠢ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2022/8/8

      ᠣᠶᠢᠷ᠎ᠠ ᠳᠤ᠂ ᠮᠠᠨ ᠤ ᠣᠷᠣᠨ ᠮᠤᠵᠢ ᠶᠢᠨ ᠱᠠᠲᠤᠨ ᠤ ᠪᠣᠯᠪᠠᠰᠤᠨ ᠵᠢᠭᠤᠯᠴᠢᠯᠠᠯ ᠤᠨ ᠲᠦᠷᠦᠭᠦᠸ ᠪᠦᠯᠦᠭ ᠤᠨ ᠵᠢᠱᠢᠶᠡᠴᠢ ᠨᠢᠭᠡᠴᠢ ᠶᠢ ᠨᠡᠶᠢᠲᠡᠯᠡᠵᠦ᠂ ᠨᠡᠶᠢᠲᠡ 24 ᠨᠢᠭᠡᠴᠢ ᠰᠣᠩᠭᠤᠭᠳᠠᠵᠠᠢ᠃

      24 ᠨᠢᠭᠡᠴᠢ ᠳᠤ ᠥᠪᠥᠷ ᠮᠣᠩᠭᠤᠯ ᠤᠨ ᠮᠧᠩ ᠨᠢᠦ ᠰᠦ ᠰᠠᠭᠠᠯᠢ ᠶᠢᠨ ᠦᠢᠯᠡᠰ ︵ᠪᠦᠯᠦᠭᠯᠡᠯ︶ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠯᠣᠸ ᠨᠢᠦ ᠸᠠᠨ ᠤ ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ᠂ ᠥᠪᠥᠷ ᠮᠣᠩᠭᠤᠯ ᠤᠨ ᠵᠥᠩ ᠰᠢᠨ ᠣᠯᠠᠨ ᠤᠯᠤᠰ ᠤᠨ ᠵᠢᠭᠤᠯᠴᠢᠯᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠬᠤᠪᠣᠷ ᠰᠢᠷᠣᠢ ᠣᠯᠠᠨ ᠤᠯᠤᠰ ᠤᠨ ᠲᠣᠮᠣ ᠪᠠᠭᠤᠳᠠᠯ᠂ ᠮᠠᠶᠢᠳᠠᠷᠢ ᠵᠣᠣ ᠦᠵᠡᠮᠵᠢ ᠶᠢᠨ ᠣᠷᠣᠨ ᠵᠡᠷᠭᠡ ᠶᠢ ᠪᠠᠭᠲᠠᠭᠠᠨ᠎ᠠ᠃

      ᠮᠤᠵᠢ ᠶᠢᠨ ᠱᠠᠲᠤᠨ ᠤ ᠪᠣᠯᠪᠠᠰᠤᠨ ᠵᠢᠭᠤᠯᠴᠢᠯᠠᠯ ᠤᠨ ᠵᠢᠱᠢᠶᠡᠴᠢ ᠨᠢᠭᠡᠴᠢ ᠶᠢᠨ ᠰᠢᠯᠭᠠᠷᠠᠭᠤᠯᠤᠯᠲᠠ ᠶᠢ ᠪᠣᠯᠪᠠᠰᠤᠨ ᠵᠢᠭᠤᠯᠴᠢᠯᠠᠯ ᠤᠨ ᠠᠵᠢᠯ ᠢ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠠᠵᠢᠯ ᠲᠦᠷᠦᠯ ᠤᠨ ᠪᠣᠯᠪᠠᠰᠤᠨ ᠵᠢᠭᠤᠯᠴᠢᠯᠠᠯ ᠤᠨ ᠠᠵᠢᠯ ᠤᠨ ᠬᠢᠷᠢ ᠲᠦᠪᠰᠢᠨ ᠪᠠ ᠵᠢᠭᠤᠯᠴᠢᠯᠠᠭᠴᠢᠳ ᠤᠨ ᠪᠣᠯᠪᠠᠰᠤᠨ ᠬᠡᠪ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ ᠲᠣᠬᠢᠷᠠᠭᠤᠯᠤᠭᠰᠠᠨ ᠶᠤᠮ᠃ ᠰᠢᠯᠭᠠᠨ ᠦᠨᠡᠯᠡᠬᠦ ᠠᠭᠤᠯᠭ᠎ᠠ ᠨᠢ ᠳᠦᠷᠢᠮ ᠤᠨ ᠪᠠᠶᠢᠭᠤᠯᠤᠯᠲᠠ᠂ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ᠂ ᠦᠢᠯᠡᠴᠢᠯᠡᠭᠡᠨ ᠤ ᠶᠠᠰᠤ ᠴᠢᠨᠠᠷ᠂ ᠤᠬᠠᠭᠤᠯᠤᠨ ᠵᠢᠯᠤᠭᠤᠳᠬᠤ᠂ ᠦᠢᠯᠡᠳᠦᠯᠭᠡ ᠶᠢᠨ ᠠᠵᠢᠯᠯᠠᠭ᠎ᠠ ᠵᠡᠷᠭᠡ ᠳᠤ ᠬᠤᠯᠪᠣᠭᠳᠠᠨ᠎ᠠ᠃ ᠮᠤᠵᠢ ᠶᠢᠨ ᠱᠠᠲᠤᠨ ᠤ ᠪᠣᠯᠪᠠᠰᠤᠨ ᠵᠢᠭᠤᠯᠴᠢᠯᠠᠯ ᠤᠨ ᠵᠢᠱᠢᠶᠡᠴᠢ ᠨᠢᠭᠡᠴᠢ ᠳᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ ᠡᠵᠡᠩᠨᠡᠯᠲᠡ ᠶᠢᠨ ᠶᠠᠪᠤᠴᠠ ᠳᠤ ᠬᠡᠷᠪᠡ ︽ᠪᠣᠯᠪᠠᠰᠤᠨ ᠵᠢᠭᠤᠯᠴᠢᠯᠠᠯ ᠤᠨ ᠨᠠᠵᠠᠭᠠᠢ ᠲᠠᠯ᠎ᠠ ᠶᠢᠨ ᠨᠠᠷᠢᠨ ᠲᠠᠩᠰᠠ︾ ᠳᠤ ᠵᠢᠭᠰᠠᠭᠠᠭᠰᠠᠨ ᠪᠠᠶᠢᠳᠠᠯ ᠭᠠᠷᠪᠠᠯ᠂ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠪᠤᠶᠤ ᠵᠡᠷᠭᠡ ᠳᠡᠰ ᠢ ᠨᠢ ᠬᠦᠴᠦᠨ ᠦᠭᠡᠢ ᠪᠣᠯᠭᠠᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ