ᠸᠠᠩ ᠯᠢ ᠰᠢᠶᠠ ᠤᠯᠠᠭᠠᠨᠴᠠᠪ ᠬᠤᠲᠠ ᠶᠢᠨ ᠬᠢᠵᠢᠭ ᠤᠨ ᠪᠠᠶᠢᠳᠠᠯ ᠢ ᠰᠢᠶᠳᠪᠦᠷᠢᠯᠡᠬᠦ ᠠᠵᠢᠯ ᠳᠤ ᠸᠢᠳᠢᠣ᠋ ᠲᠣᠬᠢᠷᠠᠭᠤᠯᠤᠯᠳᠠ ᠬᠢᠪᠠ
ᠨᠡᠶᠢᠲᠡᠯᠡᠭᠰᠡᠨ ᠴᠠᠭ᠄
2022/8/8


      8 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠸᠢᠳᠢᠣ᠋ ᠪᠠᠷ ᠤᠯᠠᠭᠠᠨᠴᠠᠪ ᠬᠤᠳᠠ ᠶᠢᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠳᠤ ᠲᠤᠬᠢᠷᠠᠭᠤᠯᠤᠯᠳᠠ ᠬᠢᠪᠠ᠃
      ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠸᠠᠩ ᠯᠢ ᠰᠢᠶᠠ᠂ ᠤᠯᠠᠭᠠᠨᠴᠠᠪ ᠬᠤᠲᠠ ᠶᠢᠨ ᠬᠢᠵᠢᠭ ᠤᠨ ᠪᠠᠶᠢᠳᠠᠯ ᠨᠠᠷᠢᠨ ᠪᠤᠳᠤᠯᠢᠶᠠᠨᠲᠠᠶ ᠬᠦᠨᠳᠦ ᠨᠣᠴᠢᠲᠠᠶ ᠪᠠᠶᠢᠨ᠎ᠠ᠂ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠡᠷᠡ ᠶᠣᠰᠣᠭᠠᠷ ᠨᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ︽ᠳᠥᠷᠪᠡᠨ ᠭᠦᠢᠴᠡᠳᠭᠡᠪᠡᠰᠤ ᠵᠤᠬᠢᠬᠤ ᠶᠢ ᠡᠷᠭᠡᠪᠰᠢ ᠪᠡᠶᠡᠯᠡᠭᠦᠯᠬᠦ︾ ᠱᠠᠭᠠᠷᠳᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠥᠭᠡᠮ ᠬᠦᠴᠢᠯ ᠤᠨ ᠪᠠᠶᠢᠴᠠᠭᠠᠯᠳᠠ ᠶᠢ ᠡᠷᠬᠡᠪᠰᠢ ᠪᠠᠶᠢᠴᠠᠭᠠᠬᠤ ᠶᠤᠰᠤᠳᠠᠢ ᠶᠢ ᠨᠢ ᠪᠦᠬᠦᠨ ᠢ ᠪᠠᠶᠢᠴᠠᠭᠠᠵᠤ ᠲᠦᠷᠭᠡᠨ ᠪᠠᠶᠢᠴᠠᠭᠠᠵᠤ᠂ ᠲᠠᠬᠤᠯ ᠡᠪᠡᠳᠴᠢᠨ ᠤ ᠪᠠᠶᠢᠴᠠᠭᠠᠯᠲᠠ ᠶᠢᠨ ᠠᠵᠢᠯ ᠢ ᠭᠦᠶᠴᠡᠳ ᠬᠢᠵᠦ᠂ ᠴᠠᠭ ᠲᠤᠬᠠᠶ ᠳᠤᠨᠢ ᠰᠢᠯᠵᠢᠭᠦᠯᠦᠨ ᠵᠦᠭᠡᠭᠡᠪᠦᠷᠢᠯᠡᠵᠦ᠂ ᠲᠤᠰᠠᠭᠠᠷᠯᠠᠬᠤ ᠥᠷᠥᠭᠡ ᠪᠠᠨ ᠭᠦᠶᠴᠡᠳ ᠪᠡᠯᠡᠳᠭᠡᠵᠦ᠂ ᠡᠯ᠎ᠡ ᠭᠤᠭᠴᠤᠭ᠎ᠠ ᠶᠢ ᠨᠢᠭᠲᠠ ᠵᠣᠯᠭᠠᠭᠤᠯᠵᠤ᠂ ᠠᠷᠭ᠎ᠠ ᠴᠢᠨᠠᠷᠳᠠᠢ ᠡᠪᠡᠳᠴᠢᠨ ᠤ ᠵᠢᠱᠢᠶ᠎ᠠ ᠢᠯᠡᠷᠡᠪᠡᠯ ᠵᠠᠪᠠᠯ ᠮᠡᠳᠡᠭᠦᠯᠵᠦ᠂ ᠠᠷᠭ᠎ᠠ ᠴᠢᠨᠠᠷᠳᠠᠢ ᠡᠪᠡᠳᠴᠢᠨ ᠤ ᠵᠢᠱᠢᠶ᠎ᠠ ᠢᠯᠡᠷᠡᠪᠡᠯ ᠵᠠᠪᠠᠯ ᠪᠠᠶᠢᠴᠠᠭᠠᠵᠤ᠂ ᠮᠡᠳᠡᠭᠦᠯᠦᠯᠲᠡ ᠶᠢ ᠭᠥᠯᠢᠶᠡᠨ ᠠᠪᠤᠮᠠᠭᠴᠠ ᠳᠠᠷᠤᠢ ᠲᠦᠷᠭᠡᠨ ᠪᠠᠶᠢᠴᠠᠭᠠᠵᠤ᠂ ᠤᠷᠢᠳ ᠢᠶᠠᠷ ᠬᠠᠮᠢᠶᠠᠷᠴᠤ ᠳᠠᠷᠠᠭ᠎ᠠ ᠨᠢ ᠪᠠᠶᠢᠴᠠᠭᠠᠬᠤ ᠬᠡᠷᠡᠭᠲᠡᠶ᠃ ᠨᠢᠭᠲᠠ ᠤᠶᠢᠷᠠᠳᠤᠭᠴᠢ ᠲᠠᠮ ᠤᠶᠢᠷᠠᠳᠤᠭᠴᠢ ᠪᠠ ᠴᠠᠭ ᠣᠷᠣᠨ ᠵᠠᠢ ᠶᠢᠨ ᠲᠠᠯ᠎ᠠ ᠪᠠᠷ ᠣᠶᠢᠷᠠᠲᠤᠬᠰᠠᠳ ᠢ ᠰᠢᠨᠵᠢᠯᠡᠬᠦ ᠤᠬᠠᠭᠠᠨᠴᠢ ᠪᠠᠷ ᠣᠨᠣᠴᠠᠲᠠᠢ ᠡᠷᠢᠵᠦ ᠤᠯᠵᠤ᠂ ᠰᠣᠯᠪᠢᠴᠠᠨ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠨᠢᠭᠡᠳᠦᠯᠲᠡᠶ ᠵᠢᠯᠣᠭᠤᠳᠬᠤ᠂ ᠨᠢᠭᠡᠳᠦᠯᠲᠡᠶ ᠲᠣᠬᠢᠷᠠᠭᠤᠯᠬᠤ ᠶᠢ ᠪᠠᠷᠢᠮᠳᠠᠯᠠᠵᠥ᠂ ᠴᠤᠪᠤᠷᠠᠯ ᠢ ᠤᠯᠠᠮ ᠴᠢᠨᠠᠬᠰᠢᠳᠠ ᠰᠢᠯᠢᠳᠡᠭᠵᠢᠭᠦᠯᠵᠤ᠂ ᠪᠢᠲᠡᠭᠦᠮᠵᠢᠯᠡᠭᠰᠡᠨ ᠬᠠᠮᠢᠶᠠᠷᠤᠯᠲᠠ ᠪᠠᠷ ᠬᠤᠷᠳᠤᠴᠠ ᠶᠢ ᠲᠦᠷᠭᠡᠳᠭᠡᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠳᠠᠪᠠᠭᠤᠯᠢᠭ ᠬᠦᠴᠦᠨ ᠢᠶᠠᠨ ᠲᠥᠪᠯᠡᠷᠡᠭᠦᠯᠦᠨ ᠰᠥᠨᠥᠭᠡᠯᠳᠡ ᠶᠢᠨ ᠲᠡᠶᠢᠯᠠᠯᠳᠤᠭᠠᠨ ᠬᠢᠵᠦ᠂ ᠨᠢᠭᠡ ᠨᠢᠭᠤᠭᠳᠠᠮᠠᠯ ᠬᠤᠭᠤᠴᠠᠭᠠᠨ ᠳᠤ ᠨᠡᠶᠢᠭᠡᠮ ᠲᠡᠭᠡᠷᠡᠬᠢ ᠡᠪᠡᠳᠴᠢᠨ ᠤ ᠵᠢᠱᠢᠶ᠎ᠠ ᠶᠢ ᠦᠭᠡᠢ ᠪᠤᠯᠭᠠᠬᠤ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠶ ᠭᠡᠵᠦ ᠬᠡᠯᠡᠪᠡ᠃
      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠤ ᠰᠢᠶᠠᠨ ᠬᠤᠸᠠ ᠰᠢᠯᠢ ᠶᠢᠨ ᠭᠤᠣᠯ ᠠᠶᠢᠮᠠᠭ ᠲᠤ ᠬᠤᠷᠠᠯ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ