ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2022 ᠣᠨ ᠤ 21 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/9


      7 ᠰᠠᠷ᠎ᠠ ᠶᠢᠨ 28᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠶᠠᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃
      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠰᠢᠨᠵᠢᠶᠠᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠣᠯ ᠰᠢᠨ᠎ᠡ ᠴᠠᠭ ᠦᠶ᠎ᠡ ᠶᠢᠨ ᠨᠠᠮ ᠤᠨ ᠰᠢᠨᠵᠢᠶᠠᠩ ᠢ ᠵᠠᠰᠠᠬᠤ ᠠᠷᠭ᠎ᠠ ᠪᠣᠳᠣᠯᠭ᠎ᠠ ᠶᠢ ᠤᠯᠠᠮ ᠴᠢᠨᠠᠭᠰᠢᠳᠠ ᠪᠠᠶᠠᠯᠢᠭᠵᠢᠭᠤᠯᠤᠨ ᠬᠥᠭᠵᠢᠭᠦᠯᠦᠭᠰᠡᠨ ᠶᠠᠪᠤᠳᠠᠯ ᠪᠣᠯᠬᠤ ᠪᠥᠭᠡᠳ ᠮᠠᠨ ᠤ ᠣᠷᠣᠨ ᠤ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠳᠤ ᠴᠢᠬᠤᠯᠠ ᠵᠢᠷᠤᠮᠯᠠᠯ ᠬᠠᠩᠭᠠᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ ᠬᠥᠲᠥᠯᠪᠦᠷᠢ ᠶᠣᠰᠣᠭᠠᠷ᠂ ᠪᠣᠳᠠᠲᠠᠶ ᠠᠴᠠ ᠡᠭᠦᠰᠴᠦ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ ᠬᠡᠵᠥ ᠵᠢᠭᠠᠵᠥ ᠭᠠᠷᠭᠠᠪᠠ᠃
      ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠭᠤᠣᠯ ᠰᠢᠵᠢᠮ ᠢ ᠴᠢᠩᠭ᠎ᠠ ᠪᠣᠳᠠᠲᠠᠢ ᠠᠳᠬᠤᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠡᠵᠡᠮᠳᠡᠨ ᠲᠤᠭᠤᠰᠢᠯᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠤᠯᠲᠠ ᠶᠢ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠵᠦ᠂ ᠨᠢᠳᠦᠨ ᠳᠤ ᠦᠵᠡᠭᠳᠡᠮ᠎ᠡ ᠰᠡᠳᠬᠢᠯ ᠳᠤ ᠰᠠᠭᠤᠬᠳᠠᠮ᠎ᠠ ᠭᠠᠷ ᠲᠤ ᠪᠠᠷᠢᠬᠳᠠᠮ᠎ᠠ ᠠᠷᠭ᠎ᠠ ᠬᠡᠯᠪᠡᠷᠢ ᠪᠠᠷ ᠰᠣᠶᠣᠯ ᠤᠨ ᠬᠠᠮᠳᠤ ᠶᠢᠨ ᠲᠠᠨᠢᠯᠳᠠ ᠶᠢ ᠨᠡᠮᠡᠭᠳᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠤ ᠪᠠᠷᠢᠮᠵᠢᠶ᠎ᠠ ᠶᠣᠰᠣᠭᠠᠷ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠨᠡᠶᠢᠭᠡᠮ ᠤᠨ ᠲᠣᠭᠲᠠᠭᠤᠨ ᠪᠠ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠪᠠᠲᠤᠯᠠᠬᠤ ᠶᠡᠷᠦᠩᠬᠡᠢ ᠬᠠᠷᠠᠯᠲᠠ ᠶᠢ ᠴᠢᠩᠭ᠎ᠠ ᠠᠳᠬᠤᠵᠤ᠂ ᠬᠥᠭᠵᠢᠯᠳᠡ ᠬᠢᠭᠡᠳ ᠲᠣᠭᠲᠠᠭᠤᠨ᠂ ᠠᠷᠠᠳ ᠤᠨ ᠠᠮᠢᠳᠤᠷᠠᠯ᠂ ᠬᠥᠮᠦᠨ ᠤ ᠰᠡᠳᠭᠢᠯ ᠲᠠᠢ ᠨᠢᠭᠲᠠ ᠤᠶᠠᠯᠳᠤᠭᠤᠯᠤᠨ᠂ ᠬᠥᠭᠵᠢᠯᠲᠡ ᠶᠢᠨ ᠦᠷ᠎ᠡ ᠪᠦᠲᠦᠭᠡᠯ ᠤᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠠᠬᠢᠭᠤᠯᠵᠤ᠂ ᠬᠥᠮᠦᠨ ᠤ ᠰᠡᠳᠭᠢᠯ ᠢ ᠨᠢᠭᠲᠠᠷᠠᠭᠤᠯᠬᠤ ᠬᠡᠷᠡᠭᠲᠡᠢ᠃ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠲᠤ ᠡᠵᠡᠮᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠰᠠᠶᠢᠲᠤᠷ ᠲᠥᠯᠥᠪᠵᠢᠭᠦᠯᠵᠦ᠂ ᠴᠢᠭᠯᠡᠭᠦᠯᠦᠯᠲᠦ ᠴᠢᠨᠠᠷᠲᠠᠶ ᠠᠷᠭ᠎ᠠ ᠬᠡᠮᠵᠢᠶ᠎ᠡ ᠠᠪᠴᠤ ᠪᠠᠶᠢᠭᠠᠳ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠶᠯᠡᠰ ᠤᠨ ᠪᠥᠬᠦ ᠲᠠᠯ᠎ᠠ ᠪᠠᠷ ᠵᠣᠬᠢᠴᠠᠩᠭᠤᠶ ᠬᠥᠭᠵᠢᠬᠦ ᠶᠢ ᠠᠬᠢᠭᠤᠯᠵᠤ᠂ ᠪᠥᠬᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠶ᠃ ᠶᠡᠷᠦᠩᠬᠡᠢ ᠱᠦᠵᠢ ᠰᠢ ᠶᠢᠨ ᠫᠢᠩ ᠤᠨ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠣᠭᠤᠮᠲᠠ ᠪᠠᠷ ᠥᠩᠭᠡᠷᠡᠬᠦ ᠲᠤᠬᠠᠢ ᠴᠢᠬᠤᠯᠠ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ︽ᠲᠠᠯᠪᠢᠬᠤ︾ ᠪᠠ ︽ᠰᠡᠷᠭᠡᠶᠢᠯᠡᠬᠦ︾᠎ ᠶᠢ ᠨᠢᠭᠡᠳᠦᠯᠲᠡᠢ ᠲᠥᠯᠥᠪᠵᠢᠭᠦᠯᠵᠦ᠂ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠬᠢᠯᠢ ᠶᠢᠨ ᠪᠣᠭᠤᠮᠲᠠ ᠶᠢ ᠨᠡᠭᠡᠭᠡᠪᠡᠯ ᠵᠤᠬᠢᠬᠤ ᠶᠢ ᠨᠢ ᠪᠦᠬᠦᠨ ᠢ ᠨᠡᠭᠡᠭᠡᠵᠤ᠂ ᠨᠡᠭᠡᠭᠡᠵᠦ ᠪᠣᠯᠬᠤ ᠶᠢ ᠨᠢ ᠪᠦᠬᠦᠨ ᠢ ᠨᠡᠭᠡᠭᠡᠬᠦ ᠶᠢ ᠪᠦᠬᠦ ᠬᠦᠴᠦ ᠪᠠᠷ ᠢᠶᠠᠨ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃
      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ