ᠮᠠᠨ ᠤ ᠣᠷᠣᠨ ᠤ 8 ᠳ᠋ᠤᠭᠠᠷ ᠰᠠᠷ᠎ᠠ ᠶᠢᠨ 31 ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/9/1


      8 ᠳ᠋ᠤᠭᠠᠷ ᠰᠠᠷ᠎ᠠ ᠶᠢᠨ 31 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 4 ᠨᠡᠮᠡᠭᠳᠡᠵᠡᠢ᠂ ᠡᠭᠦᠨ ᠳᠤ ᠬᠥᠬᠡᠬᠤᠲᠠ ᠳᠤ 1 ︵ᠰᠢᠨ᠎ᠡ ᠬᠤᠲᠠ ᠲᠣᠭᠤᠷᠢᠭ ᠤᠨ ᠲᠤᠰᠠᠭᠠᠷᠯᠠᠬᠤ ᠴᠡᠭ ᠠᠴᠠ ᠪᠠᠶᠢᠴᠠᠭᠠᠨ ᠭᠠᠷᠭᠠᠪᠠ︶᠂ ᠰᠢᠯᠢ ᠶᠢᠨ ᠭᠤᠣᠯ ᠠᠶᠢᠮᠠᠭ ᠲᠤ 3 ︵ᠡᠷᠢᠶᠡᠨ ᠬᠤᠲᠠᠨ ᠤ ᠲᠤᠰᠠᠭᠠᠷᠯᠠᠬᠤ ᠴᠡᠭ ᠠᠴᠠ ᠪᠠᠶᠢᠴᠠᠭᠠᠨ ᠭᠠᠷᠭᠠᠪᠠ︶ ᠪᠤᠢ᠃ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 4 ᠨᠡᠮᠡᠭᠳᠡᠪᠡ᠂ ᠡᠭᠦᠨ ᠳᠤ ᠬᠥᠬᠡᠬᠤᠲᠠ ᠶᠢᠨ ᠰᠠᠶᠢᠬᠠᠨ ᠲᠣᠭᠤᠷᠢᠭ ᠲᠤ 1 ︵ᠵᠠᠮ ᠤᠨ ᠪᠣᠭᠤᠮᠲᠠ ᠳᠠᠬᠢ ᠪᠥᠭᠡᠮ ᠬᠦᠴᠢᠯ ᠤᠨ ᠪᠠᠶᠢᠴᠠᠭᠠᠯᠲᠠ ᠪᠠᠷ ᠪᠠᠶᠢᠴᠠᠭᠠᠨ ᠭᠠᠷᠭᠠᠵᠠᠢ︶᠂ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠᠨ ᠳᠤ 3 ︵ᠡᠭᠦᠨ ᠳᠤ 1 ᠶᠢ ᠨᠢ ᠲᠤᠰᠠᠭᠠᠷᠯᠠᠬᠤ ᠴᠡᠭ ᠠᠴᠠ᠂ 2 ᠢ ᠨᠢ ᠲᠥᠭᠰᠢᠭᠦᠷᠢ ᠶᠡᠬᠡᠲᠡᠢ ᠲᠣᠭᠤᠷᠢᠭ ᠠᠴᠠ ᠪᠠᠶᠢᠴᠠᠭᠠᠨ ᠭᠠᠷᠭᠠᠪᠠ︶ ᠪᠤᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 10᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 3 ᠰᠢᠨ᠎ᠡ ᠪᠠᠷ ᠨᠡᠮᠡᠭᠳᠡᠵᠡᠢ᠂ ᠲᠡᠳᠡᠭᠡᠷ ᠨᠢ ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠳ ᠪᠣᠯᠤᠨ᠎ᠠ᠃ ᠲᠤᠬᠠᠢ ᠶᠢᠨ ᠭᠠᠵᠠᠷ ᠤᠨ ᠲᠣᠳᠤᠯᠠᠭᠰᠠᠨ 4 ᠡᠪᠡᠳᠴᠢᠨ ᠤ ᠵᠢᠱᠢᠶ᠎ᠡ ᠡᠷᠡᠭᠦᠯᠵᠢᠵᠦ ᠡᠮᠨᠡᠯᠭᠡ ᠠᠴᠠ ᠭᠠᠷᠴᠠᠢ᠂ ᠡᠭᠦᠨ ᠳᠤ ᠪᠣᠭᠤᠲᠤ ᠬᠤᠲᠠ ᠶᠢᠨ ᠴᠢᠩᠱᠠᠨ ᠲᠣᠭᠤᠷᠢᠭ ᠲᠤ 1᠂ ᠬᠥᠯᠦᠨ ᠪᠣᠶᠢᠷ ᠬᠤᠲᠠ ᠶᠢᠨ ᠮᠠᠨᠵᠤᠤᠷ ᠬᠤᠲᠠ ᠳᠤ 1᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 2 ᠪᠤᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ 2 ᠲᠣᠳᠤᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ 7 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠵᠠᠢ᠂ ᠲᠡᠳᠡᠭᠡᠷ ᠨᠢ ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠳ ᠪᠣᠯᠤᠨ᠎ᠠ᠃
      8 ᠳ᠋ᠤᠭᠠᠷ ᠰᠠᠷ᠎ᠠ ᠶᠢᠨ 31 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 38 ᠪᠠᠶᠢᠵᠤ᠂ ᠡᠭᠦᠨ ᠳᠤ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠲᠤ 1᠂ ᠬᠦᠯᠦᠨ ᠪᠣᠶᠢᠷ ᠬᠤᠲᠠ ᠶᠢᠨ ᠮᠠᠨᠵᠤᠤᠷ ᠬᠤᠲᠠ ᠳᠤ 6᠂ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠᠨ ᠳᠤ 23᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 2᠂ ᠤᠷᠳᠤᠰ ᠬᠤᠲᠠ ᠳᠤ 6 ︵ᠵᠡᠭᠦᠨᠭᠠᠷ ᠬᠤᠰᠢᠭᠤᠨ ᠳᠤ 5᠂ ᠣᠲᠤᠭ ᠬᠤᠰᠢᠭᠤᠨ ᠳᠤ 1︶ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 41 ᠪᠠᠶᠢᠨ᠎ᠠ᠂ ᠡᠭᠦᠨ ᠳᠤ ᠬᠥᠬᠡᠬᠤᠲᠠ ᠶᠢᠨ ᠰᠠᠶᠢᠬᠠᠨ ᠲᠣᠭᠤᠷᠢᠭ ᠲᠤ 1᠂ ᠬᠦᠯᠦᠨ ᠪᠣᠶᠢᠷ ᠬᠤᠲᠠ ᠶᠢᠨ ᠮᠠᠨᠵᠤᠤᠷ ᠬᠤᠲᠠ ᠳᠤ 1᠂ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ 35᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 1᠂ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠳᠤ 3 ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 20᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 8 ᠪᠠᠶᠢᠵᠤ᠂ ᠴᠦᠮ ᠬᠦᠬᠡᠬᠤᠳᠠ ᠳᠤ ᠪᠤᠢ᠃ ᠪᠦᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ