ᠸᠠᠩ ᠯᠢ ᠰᠢᠶᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠪᠠᠶᠢᠴᠠᠭᠠᠨ ᠰᠣᠳᠤᠯᠤᠭᠰᠠᠨ ᠪᠥᠭᠡᠳ ᠡᠯ᠎ᠡ ᠲᠠᠯ᠎ᠠ ᠶᠢᠨ ᠬᠢᠨ ᠤ ᠰᠠᠨᠠᠯ ᠢ ᠰᠣᠨᠤᠰᠪᠠ
ᠨᠡᠶᠢᠲᠡᠯᠡᠭᠰᠡᠨ ᠴᠠᠭ᠄
2022/9/14


      9 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠪᠠᠶᠢᠴᠠᠭᠠᠨ ᠰᠣᠳᠤᠯᠤᠭᠰᠠᠨ ᠪᠥᠭᠡᠳ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠡᠯ᠎ᠡ ᠲᠠᠯ᠎ᠠ ᠶᠢᠨ ᠬᠢᠨ ᠤ ᠰᠠᠨᠠᠯ ᠢ ᠰᠣᠨᠤᠰᠪᠠ᠃



      ᠬᠤᠷᠠᠯ ᠠᠴᠠ ᠡᠮᠦᠨ᠎ᠡ᠂ ᠸᠠᠩ ᠯᠢ ᠰᠢᠶᠠ ᠨᠠᠷ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠣ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠲᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠬᠡᠷ ᠰᠣᠳᠤᠯᠬᠤ ᠭᠠᠵᠠᠷ᠂ ᠥᠪᠦᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠮᠤ ᠵᠠᠬ᠎ᠠ ᠳᠡᠯᠭᠡᠭᠦᠷ ᠲᠤ ᠬᠦᠨᠵᠡᠭᠡᠶᠢᠷᠡᠨ ᠪᠠᠶᠢᠴᠠᠭᠠᠨ ᠰᠣᠳᠤᠯᠵᠠᠢ᠃ ᠬᠤᠷᠠᠯ ᠳᠡᠭᠡᠷ᠎ᠡ᠂ ᠬᠤᠯᠪᠤᠭᠳᠠᠯ ᠪᠦᠬᠦᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠤᠯᠭᠠᠨ ᠤ ᠬᠦᠷᠢᠶᠡᠯᠡᠩ ᠭᠠᠵᠠᠷ ᠤᠨ ᠬᠠᠷᠢᠭᠤᠴᠠᠯᠭᠠᠲᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠲᠣᠭᠤᠷᠢᠨ ᠳᠤ ᠦᠭᠡ ᠬᠡᠯᠡᠪᠡ᠃


4.jpg


      ᠣᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠤᠰᠤᠭᠰᠠᠨ ᠤ ᠳᠠᠷᠠᠭ᠎ᠠ᠂ ᠸᠠᠩ ᠯᠢ ᠰᠢᠶᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠥᠪᠦᠷ ᠮᠣᠩᠭᠤᠯ ᠤᠨ ᠴᠢᠨᠠᠷ ᠰᠠᠶᠢᠲᠠᠢ ᠬᠦᠭᠵᠢᠯᠲᠡ ᠶᠢᠨ ᠳᠤᠲᠠᠭᠤᠳᠠᠯ ᠪᠠ ᠪᠠᠭᠤᠷᠠᠢ ᠲᠠᠯ᠎ᠠ ᠪᠣᠯᠤᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠡᠰᠢ ᠶᠡᠷᠦᠩᠬᠡᠢ ᠱᠥᠵᠢ ᠰᠢ ᠶᠢᠨ ᠫᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠤ᠂ ᠴᠢᠩᠭ᠎ᠠ ᠬᠠᠷᠢᠭᠤᠴᠠᠯᠭᠠᠲᠤ ᠰᠡᠳᠬᠢᠯᠭᠡ᠂ ᠲᠤᠯᠭᠠᠮ ᠪᠣᠳᠤᠯ ᠢᠶᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠬᠢᠴᠢᠶᠡᠯ ᠢ ᠱᠠᠯᠠᠪᠳᠠᠨ ᠨᠥᠬᠦᠬᠦ ᠬᠡᠷᠡᠭᠲᠡᠢ᠃ ᠣᠯᠠᠨ ᠤ ᠬᠦᠴᠦᠨ ᠢ ᠨᠢᠭᠲᠠᠷᠠᠭᠤᠯᠤᠨ᠂ ᠲᠥᠪᠯᠡᠷᠡᠭᠦᠯᠦᠨ ᠪᠣᠭᠤᠮᠲᠠ ᠰᠢᠪᠲᠤᠯᠵᠤ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠦᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠵᠠᠩᠭᠢᠯᠠᠭ᠎ᠠ ᠶᠢᠨ ᠭᠠᠷᠳᠠᠴᠠ ᠪᠣᠯᠭᠠᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠣᠯᠤᠨ ︽ᠨᠢᠭᠡ ᠪᠠᠬᠢᠯᠡᠯᠲᠡ︾ ᠶᠢ ᠰᠠᠶᠢᠲᠤᠷ ᠪᠦᠲᠦᠭᠡᠨ ᠪᠠᠶᠢᠭᠤᠯᠬᠤ ᠲᠠᠢ ᠨᠢᠭᠲᠠ ᠤᠶᠠᠯᠳᠤᠭᠤᠯᠵᠤ᠂ ᠭᠤᠤᠯ ᠴᠣᠭᠴᠠ ᠶᠢᠨ ᠠᠴᠢᠶᠠᠯᠠᠪᠤᠷᠢ᠂ ᠣᠶᠣᠨ ᠤᠬᠠᠭᠠᠨ ᠤ ᠲᠤᠯᠭᠠᠭᠤᠷᠢᠯᠡᠯ᠂ ᠠᠮᠢᠵᠢᠷᠠᠯ ᠤᠨ ᠬᠦᠴᠦᠨ ᠬᠦᠳᠡᠯᠭᠡᠬᠦ ᠬᠦᠴᠦᠨ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠬᠤ ᠶᠢ ᠶᠡᠭᠡ ᠪᠠᠷ ᠠᠬᠢᠭᠤᠯᠬᠤ ᠬᠡᠷᠡᠭᠲᠡᠢ᠃ ᠵᠢᠮ᠎ᠡ ᠶᠣᠰᠣ ᠶᠢ ᠬᠦᠨᠳᠦᠳᠬᠡᠵᠦ᠂ ᠪᠠᠲᠤᠯᠠᠭ᠎ᠠ ᠶᠢ ᠴᠢᠩᠭᠠᠳᠬᠠᠨ᠂ ᠵᠣᠷᠢᠭᠲᠠᠢ ᠪᠠᠷ ᠪᠡᠯᠡ ᠮᠥᠩᠬᠦ ᠣᠷᠤᠭᠤᠯᠤᠨ ᠪᠡᠯᠡ ᠮᠥᠩᠬᠦ ᠶᠢ ᠰᠠᠶᠢᠲᠤᠷ ᠬᠡᠷᠡᠭᠯᠡᠵᠦ᠂ ᠣᠷᠴᠢᠨ ᠠᠬᠤᠢ ᠶᠢ ᠰᠠᠶᠢᠵᠢᠷᠠᠭᠤᠯᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠰᠢᠨ᠎ᠡ ᠶᠢ ᠡᠭᠦᠳᠬᠦ ᠳᠤ ᠠᠰᠢᠭᠲᠠᠢ᠂ ᠵᠣᠷᠢᠭᠲᠠᠢ ᠪᠠᠷ ᠰᠢᠨ᠎ᠡ ᠶᠢ ᠡᠭᠦᠳᠬᠦ᠂ ᠰᠢᠨ᠎ᠡ ᠶᠢ ᠡᠭᠦᠳᠬᠦ ᠳᠡᠭᠡᠨ ᠴᠢᠳᠠᠮᠠᠭᠠᠢ ᠪᠠᠶᠢᠬᠤ ᠰᠠᠶᠢᠨ ᠰᠠᠶᠢᠬᠠᠨ ᠣᠷᠴᠢᠨ ᠨᠥᠭᠦᠴᠡᠯ ᠢ ᠶᠡᠭᠡ ᠪᠠᠷ ᠪᠤᠢ ᠪᠤᠯᠭᠠᠬᠤ ᠬᠡᠷᠡᠭᠲᠡᠢ ᠭᠡᠵᠡᠢ᠃

5.jpg


      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠤ ᠰᠢᠶᠠᠨ ᠬᠤᠸᠠ ᠪᠠᠶᠢᠴᠠᠭᠠᠨ ᠰᠣᠳᠤᠯᠤᠯᠲᠠ ᠳᠤ ᠣᠷᠤᠯᠴᠠᠭᠰᠠᠨ ᠪᠥᠭᠡᠳ ᠶᠠᠷᠢᠯᠴᠠᠬᠤ ᠬᠤᠷᠠᠯ ᠳᠤ ᠣᠷᠤᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ