ᠸᠠᠩ ᠯᠢ ᠰᠢᠶᠠ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠲᠤᠨᠤᠮᠠᠯ ᠪᠡᠯᠡ ᠮᠥᠩᠭᠦ ᠶᠢ ᠲᠤᠶᠢᠯᠪᠤᠷᠢᠲᠠᠢ ᠪᠠᠶᠢᠴᠠᠭᠠᠬᠤ ᠠᠵᠢᠯᠯᠠᠭ᠎ᠠ ᠪᠤᠯᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠭᠡᠷ ᠬᠥᠷᠥᠩᠭᠡ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠰᠢᠶᠳᠪᠦᠷᠢᠯᠡᠭᠰᠡᠨ ᠪᠠᠶᠢᠳᠠᠯ ᠢ ᠭᠦᠨᠵᠡᠭᠡᠢ ᠰᠤᠳᠤᠯᠪᠠ
ᠨᠡᠶᠢᠲᠡᠯᠡᠭᠰᠡᠨ ᠴᠠᠭ᠄
2022/9/14

      9 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ

ᠸᠠᠩ ᠯᠢ ᠰᠢᠶᠠ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ 8 ᠰᠠᠷ᠎ᠠ ᠶᠢᠨ 26 ᠤ ᠡᠳᠦᠷ ᠤᠨ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠤᠬᠢᠷᠠᠭᠤᠯᠤᠯᠳᠠ ᠬᠢᠵᠦ᠂ ᠪᠦᠬᠦ ᠣᠷᠣᠨ ᠤ ᠲᠤᠨᠤᠮᠠᠯ ᠪᠡᠯᠡ ᠮᠥᠩᠭᠦ ᠶᠢ ᠲᠤᠶᠢᠯᠪᠤᠷᠢᠲᠠᠢ ᠪᠠᠶᠢᠴᠠᠭᠠᠬᠤ ᠠᠵᠢᠯᠯᠠᠭ᠎ᠠ ᠪᠤᠯᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠭᠡᠷ ᠬᠦᠷᠦᠩᠭᠡ ᠶᠢᠨ ᠭᠤᠣᠯᠳᠠᠯᠭ᠎ᠠ ᠲᠠᠢ ᠲᠦᠷᠦᠯ ᠵᠦᠢᠯ ᠢ ᠰᠢᠢᠳᠪᠦᠷᠢᠯᠡᠬᠦ ᠠᠵᠢᠯ ᠢ ᠳᠠᠬᠢᠨᠲᠠ ᠰᠤᠳᠤᠯᠪᠠ᠃
      ᠬᠠᠮᠤᠭ ᠤᠨ ᠰᠢᠨ᠎ᠡ ᠠᠵᠢᠯ ᠤᠨ ᠠᠬᠢᠴᠠ ᠶᠢ ᠰᠣᠨᠣᠰᠤᠭᠰᠠᠨ ᠤ ᠳᠠᠷᠠᠭ᠎ᠠ᠂ ᠸᠠᠩ ᠯᠢ ᠰᠢᠶᠠ᠂ ᠳᠡᠭᠡᠷ᠎ᠡ ᠠᠴᠠ ᠳᠣᠷᠣᠭᠰᠢ ᠪᠠᠨ ᠠᠵᠢᠯ ᠢ ᠬᠦᠲᠦᠯᠦᠨ ᠳᠠᠭᠠᠭᠤᠯᠵᠤ ᠠᠬᠢᠭᠤᠯᠤᠨ᠂ ᠬᠠᠮᠲᠤᠷᠠᠯ ᠬᠦᠴᠦᠨ ᠢ ᠨᠢᠭᠲᠠᠷᠠᠭᠤᠯᠤᠨ᠂ ᠠᠬᠢᠴᠠ ᠶᠢ ᠲᠦᠷᠭᠡᠳᠭᠡᠵᠦ᠂ ᠡᠷᠴᠢᠮ ᠢᠶᠠᠨ ᠴᠢᠩᠭᠠᠷᠠᠭᠤᠯᠤᠨ᠂ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠠᠵᠢᠯ ᠢ ᠨᠠᠷᠢᠯᠢᠭ ᠣᠨᠣᠪᠴᠢᠲᠠᠢ ᠰᠠᠶᠢᠲᠤᠷ ᠬᠢᠵᠦ᠂ ᠬᠠᠷᠠᠯᠲᠠ ᠪᠠᠨ ᠲᠣᠭᠲᠠᠭᠠᠨ᠂ ᠬᠠᠷᠠᠯᠳᠠ ᠲᠠᠢ ᠪᠠᠷ ᠠᠵᠢᠯᠯᠠᠵᠤ᠂ ᠬᠠᠤᠯᠢ ᠲᠣᠭᠲᠠᠭᠠᠯ ᠶᠣᠰᠣᠭᠠᠷ ᠲᠦᠷᠦᠯ ᠬᠤᠪᠢᠶᠠᠨ ᠰᠢᠢᠳᠪᠦᠷᠢᠯᠡᠵᠦ᠂ ᠲᠤᠨᠤᠮᠠᠯ ᠪᠡᠯᠡ ᠮᠥᠩᠭᠦ ᠶᠢ ᠠᠮᠢᠳᠤᠯᠢᠭᠵᠢᠭᠤᠯᠵᠤ᠂ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠢ ᠬᠥᠳᠡᠯᠭᠡᠨ ᠠᠰᠢᠬᠯᠠᠬᠤ ᠬᠡᠷᠡᠭᠲᠡᠢ᠃ ᠲᠤᠶᠢᠯᠪᠤᠷᠢᠲᠠᠢ ᠪᠠᠶᠢᠴᠠᠭᠠᠬᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ᠂ ᠠᠯᠳᠠᠬᠳᠠᠯ ᠢ ᠨᠥᠬᠦᠪᠥᠷᠢᠯᠡᠵᠦ᠂ ᠲᠣᠭᠲᠠᠴᠠ ᠪᠠᠨ ᠲᠡᠭᠦᠯᠳᠡᠷᠵᠢᠭᠦᠯᠵᠦ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠬᠡᠯᠡᠪᠡ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ