​︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠨᠢᠭᠡᠴᠢ ᠶᠢᠨ ᠲᠤᠰᠢᠶᠠᠬᠤ ᠰᠦᠢᠳᠬᠡᠯ ᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠬᠦ ᠲᠥᠷᠥ ᠶᠢᠨ ᠪᠣᠳᠣᠯᠭ᠎ᠠ︾
ᠨᠡᠶᠢᠲᠡᠯᠡᠭᠰᠡᠨ ᠴᠠᠭ᠄
2022/9/15

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠨᠢᠭᠡᠴᠢ ᠶᠢᠨ ᠲᠤᠰᠢᠶᠠᠬᠤ ᠰᠦᠢᠳᠬᠡᠯ ᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠬᠦ ᠲᠥᠷᠥ ᠶᠢᠨ ᠪᠣᠳᠣᠯᠭ᠎ᠠ
      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ᠂ ᠦᠨᠳᠦᠰᠦᠨ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠣᠶᠢᠷ᠎ᠠ ᠳᠤ ︽ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠨᠢᠭᠡᠴᠢ ᠶᠢᠨ ᠲᠤᠰᠢᠶᠠᠬᠤ ᠰᠦᠢᠳᠬᠡᠯ ᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ ᠲᠤᠬᠠᠢ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠡᠳ᠋ ᠤᠨ ᠵᠠᠰᠠᠭ ᠤᠨ ᠶᠠᠮᠤᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠮᠡᠳᠡᠭᠳᠡᠯ ᠢ ᠤᠯᠠᠮᠵᠢᠯᠠᠨ ᠶᠠᠪᠤᠭᠤᠯᠬᠤ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ 7 ᠳ᠋ᠤᠭᠠᠷ ᠰᠠᠷ᠎ᠠ ᠠᠴᠠ ᠡᠬᠢᠯᠡᠨ᠂ ᠳᠤᠮᠳᠠ ᠵᠢᠵᠢᠭ ᠪᠢᠴᠢᠯ ᠵᠡᠷᠭᠡ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠨᠢᠭᠡᠴᠢ ᠶᠢᠨ ᠲᠤᠰᠢᠶᠠᠬᠤ ᠰᠦᠢᠳᠬᠡᠯ ᠢ 3 ᠰᠠᠷ᠎ᠠ ᠬᠤᠶᠢᠰᠢᠯᠠᠭᠤᠯᠤᠨ ᠲᠤᠰᠢᠶᠠᠬᠤ ᠪᠣᠯᠭᠠᠵᠠᠢ᠂ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠳᠠᠭᠠᠳᠬᠠᠯ ᠳᠤ ᠣᠷᠣᠯᠴᠠᠭᠰᠠᠳ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠬᠠᠷᠠᠭᠠᠯᠵᠠᠯ ᠨᠥᠯᠥᠭᠡᠯᠡᠭᠳᠡᠬᠦ ᠦᠭᠡᠢ ᠪᠣᠯᠭᠠᠪᠠ᠃
① ᠬᠤᠶᠢᠰᠢᠯᠠᠭᠤᠯᠤᠨ ᠲᠤᠰᠢᠶᠠᠬᠤ ᠬᠦᠷᠢᠶ᠎ᠡ ᠬᠡᠪᠴᠢᠶ᠎ᠡ ᠪᠠ ᠬᠤᠭᠤᠴᠠᠭ᠎ᠠ ᠶᠢ ᠲᠣᠳᠣᠷᠬᠠᠶᠢᠯᠠᠵᠠᠢ
      ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ︵ᠬᠥᠩᠭᠡᠵᠢᠯ ᠤᠨ ᠳᠠᠭᠠᠳᠬᠠᠯ ᠪᠠᠭᠲᠠᠨ᠎ᠠ︶
      ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠶᠢᠨ ᠨᠡᠶᠢᠲᠡ ᠦᠯᠡᠳᠡᠪᠦᠷᠢ ᠨᠢ 6 ᠰᠠᠷ᠎ᠠ ᠠᠴᠠ ᠳᠡᠭᠡᠭᠰᠢᠬᠢ ᠥᠭᠴᠦ ᠳᠡᠶᠢᠯᠬᠦ ᠨᠢᠭᠡᠳᠦᠯᠲᠡᠢ ᠲᠥᠯᠥᠪᠯᠡᠬᠦ ᠭᠠᠵᠠᠷ ᠣᠷᠣᠨ᠂ 2022 ᠣᠨ ᠤ 7 ᠳ᠋ᠤᠭᠠᠷ ᠰᠠᠷ᠎ᠠ ᠠᠴᠠ ᠡᠬᠢᠯᠡᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠨᠢᠭᠡᠴᠢ ᠶᠢᠨ ᠠᠷᠭ᠎ᠠ ᠮᠠᠶ᠋ᠢᠭ ᠢᠶᠠᠷ ᠳᠠᠭᠠᠳᠬᠠᠯ ᠳᠤ ᠣᠷᠣᠯᠴᠠᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ︵ᠬᠥᠩᠭᠡᠵᠢᠯ ᠤᠨ ᠳᠠᠭᠠᠳᠬᠠᠯ ᠪᠠᠭᠲᠠᠨ᠎ᠠ︶᠎ ᠤᠨ ᠨᠢᠭᠡᠴᠢ ᠶᠢᠨ ᠲᠤᠰᠢᠶᠠᠬᠤ ᠰᠦᠢᠳᠬᠡᠯ ᠢ 3 ᠰᠠᠷ᠎ᠠ ᠬᠤᠶᠢᠰᠢᠯᠠᠭᠤᠯᠤᠨ ᠲᠤᠰᠢᠶᠠᠵᠤ ᠪᠣᠯᠤᠨ᠎ᠠ᠂ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠶᠢ ᠬᠡᠯᠲᠦᠷᠢᠭᠦᠯᠦᠨ᠎ᠡ᠃
      ᠨᠡᠶᠢᠭᠡᠮ ᠤᠨ ᠪᠦᠯᠬᠦᠮ     ᠰᠠᠭᠤᠷᠢ ᠮᠥᠩᠭᠦᠨ ᠤ ᠨᠡᠶᠢᠭᠡᠮᠯᠢᠭ     ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ     ᠬᠠᠤᠯᠢᠴᠢ ᠶᠢᠨ ᠬᠡᠷᠡᠭ ᠡᠷᠬᠢᠯᠡᠬᠦ ᠭᠠᠵᠠᠷ     ᠨᠢᠭᠲᠠᠯᠠᠨ ᠪᠣᠳᠣᠭᠴᠢ ᠶᠢᠨ ᠬᠡᠷᠡᠭ ᠡᠷᠬᠢᠯᠡᠬᠦ ᠭᠠᠵᠠᠷ
ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃
② ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠳᠠᠭᠠᠳᠬᠠᠯ ᠳᠤ ᠣᠷᠣᠯᠴᠠᠭᠰᠠᠳ ᠤᠨ ᠬᠠᠷᠠᠭᠠᠯᠵᠠᠯ ᠢ ᠪᠠᠭᠤᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ
      ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠳᠠᠭᠠᠳᠬᠠᠯ ᠳᠤ ᠣᠷᠣᠯᠴᠠᠭᠰᠠᠳ ᠤᠨ ᠬᠠᠷᠠᠭᠠᠯᠵᠠᠯ ᠢ ᠬᠥᠷᠲᠡᠬᠦ ᠶᠣᠰᠣᠲᠠᠢ ᠶᠢ ᠨᠢ ᠴᠥᠮ ᠬᠥᠷᠲᠡᠬᠦ ᠶᠢ ᠦᠨᠡᠨ ᠬᠦ ᠪᠠᠲᠤᠯᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠨᠢᠭᠡᠴᠢ ᠶᠢᠨ ᠲᠤᠰᠢᠶᠠᠬᠤ ᠵᠠᠷᠤᠳᠠᠯ ᠢ ᠬᠤᠶᠢᠰᠢᠯᠠᠭᠤᠯᠤᠨ ᠲᠤᠰᠢᠶᠠᠬᠤ ᠳᠤ ᠲᠣᠰ ᠠᠵᠤ ᠠᠬᠤᠶᠢᠯᠠᠯ ᠤᠨ ᠳᠠᠭᠠᠳᠬᠠᠯ ᠳᠤ ᠣᠷᠣᠯᠴᠠᠭᠰᠠᠳ ᠤᠨ ᠡᠪᠡᠳᠴᠢᠨ ᠦᠵᠡᠭᠦᠯᠦᠭᠰᠡᠨ ᠡᠮᠴᠢᠯᠡᠭᠡᠨ ᠤ ᠵᠠᠷᠤᠳᠠᠯ ᠤᠨ ᠬᠡᠪ ᠢᠶᠠᠷ ᠲᠠᠩᠰᠠ ᠲᠠᠶᠢᠯᠬᠤ ᠶᠢ ᠨᠥᠯᠥᠭᠡᠯᠡᠬᠦ ᠦᠭᠡᠢ ᠪᠠᠶᠢᠯᠭᠠᠵᠤ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠬᠢᠷᠢ ᠲᠦᠪᠰᠢᠨ ᠤ ᠲᠣᠭᠲᠠᠭᠤᠨ ᠪᠥᠭᠡᠳ ᠪᠠᠭᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃
      ᠬᠠᠮᠢᠶ᠎ᠠ ᠪᠦᠬᠦᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠪᠠᠲᠤᠯᠠᠬᠤ ᠬᠡᠷᠡᠭᠲᠡᠢ᠃ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠳᠤᠮᠳᠠ ᠵᠢᠵᠢᠭ ᠪᠢᠴᠢᠯ ᠠᠵᠤ ᠠᠬᠤᠶᠢᠯᠠᠯ ᠠᠵᠢᠯᠲᠠᠨ ᠠᠵᠢᠯᠴᠢᠨ ᠤ ᠬᠤᠪᠢ ᠬᠦᠮᠦᠨ ᠤ ᠲᠤᠰᠢᠶᠠᠬᠤ ᠰᠦᠢᠳᠬᠡᠯ ᠢ ᠣᠷᠣᠯᠠᠨ ᠰᠠᠭᠤᠯᠭᠠᠨ ᠣᠷᠣᠯᠠᠨ ᠲᠤᠰᠢᠶᠠᠬᠤ ᠡᠭᠦᠷᠭᠡ ᠶᠢ ᠬᠠᠤᠯᠢ ᠶᠣᠰᠤᠭᠠᠷ ᠭᠦᠢᠴᠡᠳᠬᠡᠵᠦ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢ ᠬᠡᠪ ᠤᠨ ᠪᠠᠶᠢᠳᠠᠯ ᠢᠶᠠᠷ ᠮᠡᠳᠡᠭᠦᠯᠵᠦ᠂ ᠠᠵᠢᠯᠲᠠᠨ ᠠᠵᠢᠯᠴᠢᠨ ᠤ ᠦᠷᠭᠦᠯᠵᠢᠯᠡᠨ ᠳᠠᠭᠠᠳᠬᠠᠯ ᠳᠤ ᠣᠷᠤᠯᠴᠠᠬᠤ᠂ ᠬᠤᠪᠢ ᠬᠥᠮᠥᠨ ᠤ ᠡᠷᠬᠡ ᠠᠰᠢᠭ ᠢᠶᠠᠨ ᠦᠷᠭᠦᠯᠵᠢᠯᠡᠨ ᠲᠡᠮᠳᠡᠭᠯᠡᠬᠦ ᠶᠢ ᠨᠢ ᠦᠨᠡᠨ ᠬᠦ ᠪᠠᠲᠤᠯᠠᠬᠤ ᠬᠡᠷᠡᠭᠲᠡᠢ᠃
③ ︽ᠭᠤᠶᠤᠴᠢᠯᠠᠬᠤ ᠦᠭᠡᠢ ᠪᠠᠷ ᠳᠠᠷᠤᠢ ᠬᠥᠷᠲᠡᠬᠦ︾ ᠭᠠᠷᠲᠠᠨ ᠭᠦᠢᠴᠡᠳᠬᠡᠬᠦ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ
      ᠨᠥᠬᠦᠴᠡᠯ ᠳᠤ ᠨᠡᠶᠢᠴᠡᠭᠰᠡᠨ ᠳᠤᠮᠳᠠ ᠵᠢᠵᠢᠭ ᠪᠢᠴᠢᠯ ᠠᠵᠤ ᠠᠬᠤᠶᠢᠯᠠᠯ ᠨᠢ ᠬᠤᠶᠢᠰᠢᠯᠠᠭᠤᠯᠤᠨ ᠲᠤᠰᠢᠶᠠᠬᠤ ᠭᠤᠶᠤᠴᠢᠯᠠᠯ ᠭᠠᠷᠭᠠᠬᠤ ᠦᠭᠡᠢ ᠪᠠᠷ ᠨᠢᠭᠡᠴᠢ ᠶᠢᠨ ᠲᠤᠰᠢᠶᠠᠬᠤ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ᠃
      ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠪᠠ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠤᠳ ᠠᠵᠢᠯᠯᠠᠬᠤ ᠴᠤᠪᠤᠷᠠᠯ ᠢ ᠲᠣᠳᠣᠷᠬᠠᠶᠢᠯᠠᠵᠤ᠂ ᠠᠵᠤ ᠠᠬᠤᠶᠢᠯᠠᠯ ᠤᠨ ᠨᠡᠷᠡᠰ ᠢ ᠲᠣᠭᠲᠠᠭᠠᠨ᠎ᠠ᠃ ᠣᠲᠣ ᠶᠢᠨ ᠪᠠᠶᠢᠭ᠎ᠠ ᠲᠤᠭ᠎ᠠ ᠪᠠᠷᠢᠮᠲᠠ ᠨᠢ ᠠᠵᠤ ᠠᠬᠤᠶᠢᠯᠠᠯ ᠤᠨ ᠬᠡᠯᠪᠡᠷᠢ ᠬᠤᠪᠢᠶᠠᠷᠢᠯᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠢ ᠪᠣᠯ᠂ ᠠᠵᠤ ᠠᠬᠤᠶᠢᠯᠠᠯ ᠨᠢ ᠰᠦᠢᠳᠬᠡᠯ ᠲᠤᠰᠢᠶᠠᠬᠤ ᠶᠢ ᠬᠢᠨᠠᠨ ᠲᠣᠭᠲᠠᠭᠠᠭᠰᠠᠨ ᠰᠠᠯᠠᠭ᠎ᠠ ᠮᠥᠴᠢᠷ ᠲᠤ ᠪᠢᠴᠢᠭ ᠤᠨ ᠠᠮᠠᠯᠠᠯᠲᠠ ᠬᠢᠵᠦ ᠪᠣᠯᠣᠨ᠎ᠠ᠃ ᠡᠭᠦᠨ ᠤ ᠬᠠᠮᠲᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠠᠵᠢᠯ ᠤᠨ ᠭᠤᠭᠴᠤᠭ᠎ᠠ ᠶᠢ ᠰᠢᠯᠢᠳᠡᠭᠵᠢᠭᠦᠯᠵᠦ᠂ ᠦᠢᠯᠡᠴᠢᠯᠡᠭᠡᠨ ᠤ ᠠᠷᠭ᠎ᠠ ᠬᠡᠯᠪᠡᠷᠢ ᠪᠠᠨ ᠰᠢᠨᠡᠴᠢᠯᠡᠵᠦ᠂ ᠠᠵᠤ ᠠᠬᠤᠶᠢᠯᠠᠯ ᠤᠨ ᠠᠵᠢᠯ ᠶᠠᠪᠤᠳᠠᠯ ᠤᠨ ᠴᠢᠨᠠᠷᠲᠠᠢ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ