ᠸᠠᠩ ᠯᠢ ᠰᠢᠶᠠ ᠪᠥᠬᠦ ᠤᠯᠤᠰ ᠤᠨ ᠣᠯᠠᠨ ᠢᠶᠠᠷ ᠢᠶᠠᠨ ᠦᠢᠯᠡᠰ ᠪᠣᠰᠬᠠᠵᠤ ᠨᠡᠶᠢᠲᠡ ᠪᠠᠷ ᠢᠶᠠᠨ ᠰᠢᠨ᠎ᠡ ᠶᠢ ᠡᠭᠦᠳᠬᠦ ᠭᠠᠷᠠᠭ ᠤᠨ ᠠᠵᠢᠯᠯᠠᠭ᠎ᠠ ᠶᠢᠨ ᠥᠪᠥᠷ ᠮᠣᠩᠭᠤᠯ ᠳᠠᠬᠢ ᠬᠤᠪᠢᠶᠠᠷᠢ ᠲᠠᠯᠠᠪᠠᠢ ᠶᠢᠨ ᠠᠵᠢᠯᠯᠠᠭ᠎ᠠ ᠳᠤ ᠣᠷᠣᠯᠴᠠᠵᠠᠢ  ᠴᠠᠭᠠᠨᠨᠠᠭᠤᠷ ᠤᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/9/16

      9 ᠰᠠᠷ᠎ᠠ ᠶᠢᠨ 15 ᠤ ᠡᠳᠦᠷ᠂ 2022 ᠣᠨ ᠤ ᠪᠥᠬᠦ ᠤᠯᠤᠰ ᠤᠨ ᠣᠯᠠᠨ ᠢᠶᠠᠷ ᠢᠶᠠᠨ ᠦᠢᠯᠡᠰ ᠪᠣᠰᠬᠠᠵᠤ ᠨᠡᠶᠢᠲᠡ ᠪᠠᠷ ᠢᠶᠠᠨ ᠰᠢᠨ᠎ᠡ ᠶᠢ ᠡᠭᠦᠳᠬᠦ ᠭᠠᠷᠠᠭ ᠤᠨ ᠠᠵᠢᠯᠯᠠᠭ᠎ᠠ ᠶᠢᠨ ᠥᠪᠥᠷ ᠮᠣᠩᠭᠤᠯ ᠳᠠᠬᠢ ᠬᠤᠪᠢᠶᠠᠷᠢ ᠲᠠᠯᠠᠪᠠᠢ ᠶᠢᠨ ᠠᠵᠢᠯᠯᠠᠭ᠎ᠠ ᠤᠯᠠᠭᠠᠨᠴᠠᠪ ᠲᠤ ᠡᠬᠢᠯᠡᠪᠡ᠃

1.jpg


2.jpg


      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠢ᠃

      ᠸᠠᠩ ᠯᠢ ᠰᠢᠶᠠ᠂ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠣᠯᠠᠨ ᠢᠶᠠᠷ ᠢᠶᠠᠨ ᠦᠢᠯᠡᠰ ᠪᠣᠰᠬᠠᠵᠤ ᠨᠡᠶᠢᠲᠡ ᠪᠠᠷ ᠢᠶᠠᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ ᠠᠬᠢᠭᠤᠯᠵᠤ᠂ ︽ᠣᠯᠠᠨ ᠢᠶᠠᠷ ᠢᠶᠠᠨ ᠦᠢᠯᠡᠰ ᠪᠣᠰᠬᠠᠵᠤ ᠨᠡᠶᠢᠲᠡ ᠪᠠᠷ ᠢᠶᠠᠨ ᠰᠢᠨ᠎ᠡ ᠶᠢ ᠡᠭᠦᠳᠬᠦ︾ ᠶᠢᠨ ᠠᠴᠢᠶᠠᠯᠠᠪᠤᠷᠢ ᠥᠷᠢᠰᠦᠯᠳᠦᠨ ᠢᠯᠡᠷᠡᠵᠦ᠂ ᠭᠤᠣᠯ ᠴᠣᠭᠴᠠ ᠲᠠᠰᠤᠷᠠᠯᠲᠠ ᠦᠭᠡᠢ ᠪᠤᠵᠠᠭᠠᠶᠢᠷᠠᠵᠤ᠂ ᠣᠷᠴᠢᠨ ᠲᠣᠭᠤᠷᠢᠨ ᠦᠷᠭᠦᠯᠵᠢᠯᠡᠨ ᠰᠢᠯᠢᠳᠡᠭᠵᠢᠵᠦ᠂ ᠠᠵᠢᠯ ᠦᠢᠯᠡᠰ ᠥᠷᠨᠢᠨ ᠬᠥᠭᠵᠢᠪᠡ᠃ ᠥᠪᠥᠷ ᠮᠣᠩᠭᠤᠯ ᠦᠷᠭᠦᠯᠵᠢᠯᠡᠨ ︽ᠣᠯᠠᠨ ᠢᠶᠠᠷ ᠢᠶᠠᠨ ᠦᠢᠯᠡᠰ ᠪᠣᠰᠬᠠᠵᠤ ᠨᠡᠶᠢᠲᠡ ᠪᠠᠷ ᠢᠶᠠᠨ ᠰᠢᠨ᠎ᠡ ᠶᠢ ᠡᠭᠦᠳᠬᠦ︾ ᠶᠢ ᠰᠢᠨ᠎ᠡ ᠬᠥᠳᠡᠯᠭᠡᠬᠦ ᠬᠦᠴᠦᠨ ᠤ ᠲᠦᠷᠭᠡᠳᠬᠡᠭᠦᠷ᠂ ᠰᠢᠨ᠎ᠡ ᠠᠵᠤ ᠠᠬᠤᠢ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠨᠡᠪᠴᠢᠭᠦᠯᠦᠭᠦᠷ᠂ ᠪᠦᠲᠦᠴᠡ ᠳᠤ ᠲᠣᠬᠢᠷᠠᠭᠤᠯᠤᠯᠲᠠ ᠬᠢᠵᠦ ᠴᠢᠳᠠᠮᠵᠢ ᠶᠢ ᠬᠤᠪᠢᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠦᠷᠭᠡᠳᠬᠡᠭᠦᠷ ᠪᠣᠯᠭᠠᠵᠤ᠂ ︽ᠣᠯᠠᠨ ᠢᠶᠠᠷ ᠢᠶᠠᠨ ᠦᠢᠯᠡᠰ ᠪᠣᠰᠬᠠᠵᠤ ᠨᠡᠶᠢᠲᠡ ᠪᠠᠷ ᠢᠶᠠᠨ ᠰᠢᠨ᠎ᠡ ᠶᠢ ᠡᠭᠦᠳᠬᠦ︾ ᠬᠠᠯᠠᠭᠤᠨ ᠬᠥᠷᠥᠰᠥ ᠶᠢ ᠪᠥᠬᠦ ᠬᠦᠴᠦᠨ ᠢᠶᠠᠷ ᠢᠶᠠᠨ ᠪᠣᠢ ᠪᠣᠯᠭᠠᠵᠤ᠂ ︽ᠣᠯᠠᠨ ᠢᠶᠠᠷ ᠢᠶᠠᠨ ᠦᠢᠯᠡᠰ ᠪᠣᠰᠬᠠᠵᠤ ᠨᠡᠶᠢᠲᠡ ᠪᠠᠷ ᠢᠶᠠᠨ ᠰᠢᠨ᠎ᠡ ᠶᠢ ᠡᠭᠦᠳᠬᠦ︾ ᠬᠥᠳᠡᠯᠭᠡᠬᠦ ᠬᠦᠴᠦᠨ ᠢ ᠦᠷᠭᠦᠯᠵᠢᠯᠡᠨ ᠬᠥᠭᠵᠢᠭᠡᠵᠦ᠂ ︽ᠣᠯᠠᠨ ᠢᠶᠠᠷ ᠢᠶᠠᠨ ᠦᠢᠯᠡᠰ ᠪᠣᠰᠬᠠᠵᠤ ᠨᠡᠶᠢᠲᠡ ᠪᠠᠷ ᠢᠶᠠᠨ ᠰᠢᠨ᠎ᠡ ᠶᠢ ᠡᠭᠦᠳᠬᠦ︾ ᠬᠠᠯᠠᠭᠤᠨ ᠥᠷᠨᠢᠯᠲᠡ ᠶᠢ ᠲᠠᠰᠤᠷᠠᠯᠲᠠ ᠦᠭᠡᠢ ᠭᠠᠷᠭᠠᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠣᠯᠣᠨ ︽ᠨᠢᠭᠡ ᠪᠠᠬᠢᠯᠡᠯᠲᠡ︾ ᠶᠢ ᠴᠢᠷᠮᠠᠶᠢᠨ ᠪᠦᠲᠦᠭᠡᠨ ᠪᠠᠶᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ ᠭᠡᠪᠡ᠃

      ᠲᠣᠰ ᠬᠤᠭᠤᠴᠠᠭᠠᠨ ᠤ ᠭᠠᠷᠠᠭ ᠤᠨ ᠠᠵᠢᠯᠯᠠᠭ᠎ᠠ ᠨᠢ ︽ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠢ ᠨᠡᠮᠡᠭᠳᠡᠭᠦᠯᠵᠦ᠂ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢ ᠠᠬᠢᠭᠤᠯᠤᠶ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ ᠶᠠᠪᠤᠭᠳᠠᠵᠤ᠂ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠶᠢᠨ ᠠᠵᠢᠯᠯᠠᠭ᠎ᠠ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠨ᠎ᠠ᠃ ᠡᠨᠡ ᠬᠤᠭᠤᠴᠠᠭᠠᠨ ᠳᠤ᠂ ᠮᠠᠨ ᠤ ᠣᠷᠣᠨ ᠦᠢᠯᠡᠰ ᠪᠣᠰᠬᠠᠵᠤ ᠰᠢᠨ᠎ᠡ ᠶᠢ ᠡᠭᠦᠳᠬᠦ ᠤᠷᠤᠯᠳᠤᠭᠠᠨ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠠᠵᠢᠯᠯᠠᠭ᠎ᠠ ᠶᠢ ᠴᠤᠭᠭᠠᠷ ᠡᠷᠬᠢᠯᠡᠬᠦ ᠪᠣᠯᠣᠨ᠎ᠠ᠃

3.jpg


4.jpg


5.jpg

 

      ᠳᠠᠷᠠᠭ᠎ᠠ ᠨᠢ᠂ ᠸᠠᠩ ᠯᠢ ᠰᠢᠶᠠ ᠴᠠᠭᠠᠨᠨᠠᠭᠤᠷ ᠤᠨ ᠨᠤᠭᠤ ᠭᠠᠵᠠᠷ ᠲᠤ ᠬᠦᠷᠴᠦ᠂ ᠴᠠᠭᠠᠨᠨᠠᠭᠤᠷ ᠤᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠣᠳᠣᠯᠠᠭᠰᠠᠨ ᠪᠥᠭᠡᠳ ᠣᠶᠢᠷ᠎ᠠ ᠬᠠᠪᠢ ᠶᠢᠨ ᠲᠠᠷᠢᠶᠠᠴᠢᠨ ᠡᠷᠦᠬᠡ ᠪᠠᠷ ᠭᠦᠨᠵᠡᠭᠡᠶᠢᠷᠡᠵᠦ᠂ ᠤᠰᠤᠯᠠᠯᠲᠠ ᠶᠢᠨ ᠲᠠᠷᠢᠶ᠎ᠠ ᠶᠢ ᠬᠠᠭᠤᠷᠠᠢ ᠲᠠᠷᠢᠶ᠎ᠠ ᠪᠣᠯᠭᠠᠨ ᠬᠤᠪᠢᠷᠠᠭᠤᠯᠬᠤ ᠶᠢ ᠬᠡᠷᠡᠭᠵᠢᠭᠦᠯᠦᠭᠰᠡᠨ ᠪᠠᠶᠢᠳᠠᠯ ᠢ ᠣᠶᠢᠯᠠᠭᠠᠪᠠ᠃ ᠲᠡᠷᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠠᠮᠢ ᠠᠬᠤᠢ ᠶᠢ ᠲᠡᠷᠢᠭᠦᠨ ᠳᠤ ᠲᠠᠯᠪᠢᠬᠤ ᠣᠶᠢᠯᠠᠭᠠᠭᠳᠠᠬᠤᠨ ᠢ ᠪᠠᠲᠤ ᠪᠣᠢ ᠪᠣᠯᠭᠠᠵᠤ᠂ ᠣᠷᠤᠭᠤᠯᠤᠯᠲᠠ ᠪᠠᠨ ᠨᠡᠮᠡᠭᠳᠡᠭᠦᠯᠦᠨ᠂ ᠠᠬᠢᠴᠠ ᠪᠠᠨ ᠲᠦᠷᠭᠡᠳᠬᠡᠵᠦ᠂ ᠤᠰᠤᠯᠠᠯᠲᠠ ᠶᠢᠨ ᠲᠠᠷᠢᠶ᠎ᠠ ᠶᠢ ᠬᠠᠭᠤᠷᠠᠢ ᠲᠠᠷᠢᠶ᠎ᠠ ᠪᠣᠯᠭᠠᠨ ᠬᠤᠪᠢᠷᠠᠭᠤᠯᠬᠤ ᠠᠵᠢᠯ ᠢ ᠶᠡᠭᠡ ᠪᠠᠷ ᠠᠬᠢᠭᠤᠯᠤᠨ᠂ ᠭᠠᠵᠠᠷ ᠳᠣᠣᠷᠠᠬᠢ ᠤᠰᠤᠨ ᠤ ᠬᠠᠮᠠᠭᠠᠯᠠᠯᠲᠠ ᠶᠢ ᠴᠢᠩᠭᠠᠳᠬᠠᠵᠤ᠂ ᠤᠷᠭᠤᠮᠠᠯ ᠤᠨ ᠬᠤᠴᠢᠯᠭ᠎ᠠ ᠶᠢᠨ ᠰᠡᠷᠭᠦᠯᠲᠡ ᠶᠢ ᠠᠬᠢᠭᠤᠯᠤᠨ᠂ ᠰᠠᠪᠠ ᠭᠠᠵᠠᠷ ᠤᠨ ᠠᠮᠢ ᠠᠬᠤᠢ ᠶᠢᠨ ᠲᠠᠰᠤᠷᠠᠯᠲᠠ ᠦᠭᠡᠢ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠭᠡᠵᠦ ᠵᠠᠬᠢᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ