ᠰᠦᠨ ᠱᠤᠤ ᠴᠧᠩ ᠠᠷᠠᠳ ᠤᠨ ᠠᠮᠢᠳᠤᠷᠠᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/9/16

      9 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠥᠬᠡᠬᠤᠲᠠ ᠳᠤ ᠠᠷᠠᠳ ᠤᠨ ᠠᠮᠢᠳᠤᠷᠠᠯ ᠤᠨ ᠠᠵᠢᠯ ᠢ ᠪᠠᠶᠢᠴᠠᠭᠠᠨ ᠰᠤᠳᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠦᠬᠦᠳ ᠲᠠᠢ ᠬᠠᠮᠲᠤ ᠪᠠᠷ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠣᠪᠣᠶᠢᠮ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃


1-1.jpg


1-2.jpg


1-3.jpg


1-4.jpg


1-5.jpg


      ᠰᠦᠨ ᠱᠤᠤ ᠴᠧᠩ ᠢᠯᠴᠢ ᠬᠠᠩᠭᠠᠬᠤ ᠠᠵᠢᠯ ᠢ ᠮᠠᠰᠢ ᠴᠢᠬᠤᠯᠠᠴᠢᠯᠠᠵᠤ᠂ ᠣᠯᠠᠨ ᠤᠳᠠᠭ᠎ᠠ ᠬᠠᠯᠠᠮᠵᠢᠯᠠᠨ ᠴᠢᠬᠤᠯᠠᠴᠢᠯᠠᠪᠠ᠃ ᠥᠨᠥᠳᠦᠷ ᠪᠠᠰᠠ ᠲᠤᠰᠬᠠᠶᠢᠯᠠᠨ ᠬᠥᠬᠡᠬᠤᠲᠠ ᠶᠢᠨ ᠴᠧᠩ ᠹᠠ ᠢᠯᠴᠢ ᠬᠠᠩᠭᠠᠬᠤ ᠬᠢᠵᠠᠭᠠᠷᠲᠤ ᠺᠤᠮᠫᠠᠨᠢ ᠶᠢᠨ ᠰᠠᠨ ᠾᠧ ᠼᠦᠨ ᠲᠣᠰᠬᠤᠨ ᠤ ᠢᠯᠴᠢ ᠶᠢᠨ ᠢᠷᠡᠯᠲᠡ ᠶᠢᠨ ᠦᠶᠯᠡᠳᠪᠦᠷᠢ ᠳᠤ ᠬᠦᠷᠴᠦ᠂ ᠪᠥᠬᠦ ᠬᠤᠲᠠ ᠶᠢᠨ ᠢᠯᠴᠢ ᠬᠠᠩᠭᠠᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠳᠠᠷᠠᠭ᠎ᠠ ᠨᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠳᠤ ᠬᠦᠷᠴᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠲᠡᠷᠡ ᠵᠠᠷᠢᠮ ᠬᠠᠷᠠᠯᠲᠠ ᠱᠠᠭᠠᠷᠳᠠᠯᠭ᠎ᠠ ᠶᠢ ᠬᠠᠨᠳᠤᠯᠭᠠᠲᠤ ᠴᠢᠨᠠᠷᠲᠠᠶ ᠪᠠᠷ ᠳᠤᠷᠠᠳᠤᠨ ᠭᠠᠷᠭᠠᠪᠠ᠂ ᠨᠢᠭᠡ ᠳᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠡᠷᠦᠬᠡ ᠵᠡᠷᠭᠡ ᠶᠢ ᠪᠠᠭᠲᠠᠭᠠᠭᠰᠠᠨ ᠣᠨᠴᠠᠭᠠᠶ ᠬᠦᠴᠢᠷᠳᠡᠯ ᠲᠠᠢ ᠬᠦᠮᠦᠰ ᠢ ᠪᠣᠳᠠᠲᠠᠶ ᠠᠪᠤᠷᠠᠨ ᠲᠤᠰᠠᠯᠠᠵᠤ᠂ ᠢᠳᠡᠬᠦ ᠡᠮᠦᠰᠭᠦ ᠰᠠᠭᠤᠬᠤ ᠡᠮᠨᠡᠭᠦᠯᠬᠦ ᠶᠢ ᠨᠢ ᠪᠠᠲᠤᠯᠠᠬᠤ ᠬᠡᠷᠡᠭᠲᠡᠶ︔ ᠬᠤᠶᠠᠷ ᠲᠤ ᠳᠤᠯᠠᠭᠠᠯᠠᠭ᠎ᠠ ᠶᠢ ᠪᠠᠲᠤᠯᠠᠬᠤ ᠬᠡᠷᠡᠭᠲᠡᠶ᠂ ᠠᠷᠠᠳ ᠢᠷᠭᠡᠳ ᠢ ᠳᠠᠭᠠᠷᠠᠭᠤᠯᠵᠤ ᠪᠡᠬᠡᠷᠡᠬᠦᠯᠵᠤ ᠪᠣᠯᠬᠤ ᠦᠭᠡᠢ︔ ᠭᠤᠷᠪᠠ ᠳᠤ ᠡᠨᠡ ᠵᠢᠯ ᠠᠴᠠ ᠡᠬᠢᠯᠡᠨ᠂ ᠡᠯ᠎ᠡ ᠱᠠᠲᠤᠨ ᠤ ᠵᠠᠰᠠᠭ ᠤᠨ ᠣᠷᠳᠣᠨ ᠪᠣᠯᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠨᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠪᠠᠭ᠎ᠠ ᠠᠵᠤ ᠠᠬᠤᠶᠢᠯᠠᠯ ᠳᠤ ᠰᠢᠨ᠎ᠡ ᠪᠠᠷ ᠥᠷᠢ ᠥᠭᠴᠡᠭᠡ ᠭᠠᠷᠭᠠᠵᠤ ᠪᠣᠯᠬᠤ ᠦᠭᠡᠶ᠂ ᠡᠯ᠎ᠡ ᠲᠥᠷᠥᠯ ᠤᠨ ᠠᠵᠤ ᠠᠬᠤᠶᠢᠯᠠᠯ ᠨᠢ ᠬᠦᠯᠦᠰᠦᠨ ᠮᠠᠯᠴᠢᠨ ᠲᠠᠷᠢᠶᠠᠴᠢᠨ ᠤ ᠴᠠᠯᠢᠩ ᠢ ᠦᠨᠳᠦᠰᠦᠨ ᠳᠡᠭᠡᠨ ᠰᠢᠨ᠎ᠡ ᠪᠠᠷ ᠥᠷᠢᠲᠦᠵᠦ ᠪᠣᠯᠬᠤ ᠦᠭᠡᠶ︔ ᠳᠥᠷᠪᠡ ᠳᠤ ᠭᠠᠮᠰᠢᠭᠳᠠᠭᠰᠠᠨ ᠣᠯᠠᠨ ᠲᠦᠮᠡᠨ ᠤ ᠡᠪᠦᠯ ᠢ ᠠᠮᠤᠷ ᠲᠦᠪᠰᠢᠨ ᠢᠶᠠᠷ ᠥᠩᠭᠡᠷᠡᠭᠦᠯᠬᠦ᠂ ᠴᠠᠭᠠᠨ ᠰᠠᠷ᠎ᠠ ᠶᠢ ᠪᠠᠶᠠᠷ ᠬᠥᠷ ᠲᠠᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ︔ ᠲᠠᠪᠤ ᠳᠤ ᠨᠠᠰᠤᠵᠢᠯ ᠤᠨ ᠠᠰᠠᠷᠠᠮᠵᠢ ᠶᠢᠨ ᠮᠥᠩᠭᠦ ᠵᠡᠷᠭᠡ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠢ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠬᠤ ᠶᠢ ᠦᠨᠡᠨ ᠬᠦ ᠪᠠᠲᠤᠯᠠᠬᠤ ᠬᠡᠷᠡᠭᠲᠡᠢ︔ ᠵᠢᠷᠭᠤᠭ᠎ᠠ ᠳᠤ ᠭᠤᠣᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ ᠨᠠᠶᠢᠳᠠᠪᠦᠷᠢᠵᠢᠭᠤᠯᠬᠤ ᠶᠢ ᠪᠠᠲᠤᠯᠠᠬᠤ ᠬᠡᠷᠡᠭᠲᠡᠢ᠃ ᠰᠦᠨ ᠱᠤᠤ ᠴᠧᠩ ᠠᠷᠠᠳ ᠤᠨ ᠶᠠᠪᠤᠳᠠᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠴᠠᠭ ᠠᠭᠤᠷ ᠤᠨ ᠲᠣᠪᠴᠢᠶᠠᠨ ᠤ ᠬᠠᠷᠢᠭᠤᠴᠠᠯᠭᠠᠲᠠᠨ ᠨᠥᠬᠦᠳ ᠠᠴᠠ ᠪᠡᠶᠡᠯᠡᠭᠦᠯᠵᠦ ᠳᠡᠶᠢᠯᠦᠨ᠎ᠡ ᠦᠦ ᠦᠭᠡᠶ ᠦᠦ ᠭᠡᠵᠦ ᠨᠢᠭᠡᠳ ᠨᠢᠭᠡ ᠪᠠᠷ ᠠᠰᠠᠭᠤᠪᠠ᠂ ᠴᠢᠷᠮᠠᠶᠢᠯᠭ᠎ᠠ ᠪᠠᠷ ᠲᠠᠮᠵᠢᠨ ᠯᠠᠪᠲᠠᠢ ᠪᠡᠶᠡᠯᠡᠭᠦᠯᠵᠦ ᠳᠡᠶᠢᠯᠦᠨ᠎ᠡ ᠭᠡᠵᠦ ᠣᠯᠠᠨ ᠢᠶᠠᠷ ᠢᠶᠠᠨ ᠬᠡᠯᠡᠬᠦ ᠦᠶᠡᠰ᠂ ᠰᠦᠨ ᠱᠤᠤ ᠴᠧᠩ᠂ ᠲᠡᠭᠡᠪᠡᠯ ᠪᠢ ᠥᠭᠡᠷ᠎ᠡ ᠤᠯᠠᠨ ᠢ ᠶᠠᠷᠢᠬᠤ ᠦᠭᠡᠢ ᠭᠡᠵᠦ ᠬᠡᠯᠡᠬᠡᠳ ᠬᠡᠷᠡᠮ ᠳᠡᠭᠡᠷ᠎ᠡ ᠡᠯᠭᠦᠭᠰᠡᠨ ᠤᠷᠢᠶ᠎ᠠ ᠪᠢᠴᠢᠬᠡᠰᠦ ᠶᠢ ᠵᠢᠭᠠᠵᠤ᠂ ︽ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠳᠤ ᠴᠢᠩᠭ᠎ᠠ ᠲᠦᠰᠢᠭᠯᠡᠵᠦ᠂ ᠠᠷᠠᠳ ᠲᠦᠮᠡᠨ ᠳᠤ ᠲᠠᠰᠤᠷᠠᠯᠲᠠ ᠦᠭᠡᠢ ᠪᠤᠶᠠᠨ ᠦᠶᠯᠡᠳᠴᠦ᠂ ᠠᠷᠠᠳ ᠲᠦᠮᠡᠨ ᠤ ᠳᠤᠮᠳᠠ ᠪᠠᠲᠤ

ᠦᠨᠳᠦᠰᠦᠯᠡᠨ᠎ᠡ︾᠂ ︽ᠠᠷᠠᠳ ᠲᠦᠮᠡᠨ ᠳᠤ ᠪᠤᠶᠠᠨ ᠦᠢᠯᠡᠳᠬᠦ ᠶᠢ ᠬᠠᠮᠤᠭ ᠤᠨ ᠴᠢᠬᠤᠯᠠ ᠠᠵᠢᠯ ᠤᠨ ᠪᠦᠲᠦᠮᠵᠢ ᠪᠠᠨ ᠪᠣᠯᠭᠠᠵᠤ᠂ ᠠᠷᠠᠳ ᠲᠦᠮᠡᠨ ᠤ ᠠᠮᠤᠷ ᠵᠢᠮᠦᠷ ᠠᠵᠤ ᠲᠥᠷᠥᠭᠦ᠂ ᠠᠮᠤᠷ ᠲᠦᠪᠰᠢᠨ ᠠᠶᠤᠯ ᠲᠦᠭᠰᠢᠭᠦᠷᠢ ᠬᠠᠯᠠᠭᠤᠨ ᠪᠦᠯᠢᠶᠡᠨ ᠢ ᠴᠠᠭ ᠢᠮᠠᠭᠲᠠ ᠰᠡᠳᠬᠢᠯ ᠳᠡᠭᠡᠨ ᠪᠣᠳᠣᠨ᠎ᠠ︾ ᠭᠡᠵᠤ ᠤᠩᠰᠢᠨ᠂ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠭᠢᠯ ᠤᠨ ᠰᠤᠷᠭᠠᠯ ᠮᠥᠨ᠂ ᠪᠢᠳᠠ ᠰᠡᠳᠭᠢᠯ ᠲᠠᠯᠪᠢᠨ ᠬᠠᠶᠢᠷ᠎ᠠ ᠰᠡᠳᠭᠢᠯᠭᠡ ᠲᠠᠢ ᠪᠠᠷ ᠬᠦᠴᠦ ᠣᠷᠣᠭᠤᠯᠤᠨ ᠠᠷᠠᠳ ᠤᠨ ᠠᠮᠢᠳᠤᠷᠠᠯ ᠤᠨ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠶᠳᠪᠦᠷᠢᠯᠡᠬᠦ ᠬᠡᠷᠡᠭᠲᠡᠢ ᠭᠡᠵᠡᠢ᠃
      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠣ ᠭᠠᠩ᠂ ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ