ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2022 ᠣᠨ ᠤ 28 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/9/19

      9 ᠰᠠᠷ᠎ᠠ ᠶᠢᠨ 16  ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ 9 ᠰᠠᠷ᠎ᠠ ᠶᠢᠨ 9 ᠤ ᠡᠳᠦᠷ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠪᠣᠯᠤᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠬᠤᠷᠢᠨ ᠳᠣᠯᠣᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ︽ᠳᠠᠪᠤ ᠶᠢ ᠲᠦᠢᠯᠪᠤᠷᠢᠳᠠᠢ ᠪᠠᠶᠢᠴᠠᠭᠠᠬᠤ︾ ᠠᠵᠢᠯᠯᠠᠭ᠎ᠠ ᠶᠢ ᠠᠬᠢᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃
      ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠡᠷᠡᠰ ᠰᠠᠶᠢᠲᠤᠷ ᠠᠳᠬᠤᠬᠤ ᠬᠡᠷᠡᠭᠲᠡᠶ᠃ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠬᠢᠨ ᠰᠤᠷᠲᠠᠯ ᠢᠶᠠᠨ ᠬᠤᠪᠢᠷᠠᠭᠤᠯᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠪᠠᠷ ᠲᠦᠷᠦᠭᠦᠯᠡᠨ ᠦᠯᠢᠭᠡᠷ ᠳᠠᠭᠤᠷᠢᠶᠠᠯ ᠪᠤᠯᠵᠤ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠠᠰᠠᠭᠤᠳᠠᠯ ᠢ ᠰᠢᠢᠳᠪᠦᠷᠢᠯᠡᠬᠦ ᠲᠠᠢ ᠨᠢᠭᠲᠠ ᠤᠶᠠᠯᠳᠤᠭᠤᠯᠤᠨ ᠰᠤᠷᠲᠠᠯ ᠢᠶᠠᠨ ᠦᠷᠭᠦᠯᠵᠢᠯᠡᠨ ᠬᠤᠪᠢᠷᠠᠭᠤᠯᠵᠤ᠂ ᠨᠣᠶᠠᠨᠴᠢ ᠦᠵᠡᠯ᠂ ᠬᠡᠯᠪᠡᠷᠢᠴᠢ ᠦᠵᠡᠯ ᠢ ᠡᠷᠡᠰ ᠲᠡᠪᠴᠢᠵᠦ᠂ ᠲᠣᠭᠲᠠᠭᠠᠭᠰᠠᠨ ᠶᠠᠪᠤᠳᠠᠯ ᠢᠶᠠᠨ ᠮᠥᠷᠳᠡᠨ ᠨᠠᠶᠢᠳᠠᠪᠤᠷᠢᠵᠢᠭᠤᠯᠵᠤ᠂ ᠡᠴᠦᠰ ᠲᠤᠨᠢ ᠲᠤᠯᠲᠠᠯ᠎ᠠ ᠠᠳᠬᠤᠵᠤ᠂ ᠦᠷ᠎ᠡ ᠪᠦᠲᠦᠮᠵᠢ ᠤᠯᠬᠤ ᠬᠡᠷᠡᠭᠲᠡᠢ ᠭᠡᠵᠥ ᠴᠢᠬᠤᠯᠠᠴᠢᠯᠠᠪᠠ᠃
      ᠬᠤᠷᠠᠯ ᠠᠴᠠ᠂ ᠴᠠᠭ ᠢ ᠴᠢᠩᠭ᠎ᠠ ᠠᠮᠵᠢᠵᠤ᠂ ᠱᠠᠯᠠᠪᠳᠠᠨ ᠲᠦᠷᠭᠡᠨ ᠰᠢᠢᠳᠪᠦᠷᠢᠯᠡᠵᠦ᠂ ᠡᠷᠴᠢᠮ ᠢᠶᠠᠨ ᠴᠢᠩᠭᠠᠷᠠᠭᠤᠯᠤᠨ᠂ ᠠᠬᠢᠴᠠ ᠪᠠᠨ ᠲᠦᠷᠭᠡᠳᠭᠡᠵᠦ᠂

︽ᠲᠠᠪᠤ ᠶᠢ ᠲᠦᠢᠯᠪᠤᠷᠢᠳᠠᠢ ᠪᠠᠶᠢᠴᠠᠭᠠᠬᠤ︾ ᠠᠵᠢᠯᠯᠠᠭ᠎ᠠ ᠶᠢ ᠪᠦᠬᠦ ᠬᠦᠴᠦᠨ ᠢᠶᠠᠷ ᠠᠬᠢᠭᠤᠯᠵᠤ᠂ ᠰᠠᠭᠤᠷᠢ ᠲᠤᠭ᠎ᠠ ᠶᠢ ᠳᠠᠷᠤᠶᠢᠬᠠᠨ ᠲᠣᠳᠣᠷᠬᠠᠢ ᠣᠶᠢᠯᠠᠭᠠᠵᠤ᠂ ᠰᠢᠯᠲᠠᠭᠠᠨ ᠢ ᠨᠢ ᠣᠨᠣᠪᠴᠢᠲᠠᠢ ᠡᠷᠢᠵᠦ᠂ ᠠᠰᠠᠭᠤᠳᠠᠯ ᠢ ᠰᠢᠢᠳᠪᠦᠷᠢᠯᠡᠵᠦ᠂ ᠠᠰᠠᠭᠤᠳᠠᠯ ᠡᠭᠦᠰᠭᠦ ᠶᠢ ᠡᠬᠢ ᠡᠭᠦᠰᠦᠯ ᠠᠴᠠ ᠨᠢ ᠰᠡᠷᠭᠡᠶᠢᠯᠡᠵᠥ᠂ ᠣᠨᠣᠴᠠᠲᠠᠢ ᠪᠠᠷ ᠲᠦᠷᠦᠯ ᠬᠤᠪᠢᠶᠠᠨ ᠰᠢᠢᠳᠪᠦᠷᠢᠯᠡᠵᠦ᠂ ᠠᠵᠢᠯ ᠤᠨ ᠪᠢᠲᠡᠭᠦᠦ ᠭᠤᠭᠴᠤᠭ᠎ᠠ ᠶᠢ ᠪᠦᠷᠢᠯᠳᠦᠭᠦᠯᠬᠦ ᠬᠡᠷᠡᠭᠲᠡᠢ ᠬᠡᠵᠥ ᠴᠢᠬᠤᠯᠠᠴᠢᠯᠠᠪᠠ᠃
      ᠬᠤᠷᠠᠯ ᠠᠴᠠ ᠪᠠᠰᠠ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠬᠤ ᠬᠢᠭᠡᠳ ᠠᠰᠢᠭᠯᠠᠬᠤ ᠵᠡᠷᠭᠡ ᠠᠵᠢᠯ ᠢ ᠰᠤᠳᠤᠯᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ