ᠸᠠᠩ ᠯᠢ ᠰᠢᠶᠠ ᠣᠷᠳᠣᠰ ᠤᠨ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠭᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/9/21

      9 ᠰᠠᠷ᠎ᠠ ᠶᠢᠨ 19 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠣᠷᠳᠣᠰ ᠤᠨ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠭᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠤᠰᠬᠠᠢ ᠰᠡᠳᠦᠪ ᠢᠶᠠᠷ ᠰᠤᠳᠤᠯᠤᠨ ᠪᠠᠶᠢᠷᠢᠯᠠᠭᠤᠯᠪᠠ ᠃

      ᠬᠠᠮᠢᠶ᠎ᠠ ᠪᠦᠬᠦᠢ ᠪᠠᠶᠢᠳᠠᠯ ᠤᠨ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠸᠠᠩ ᠯᠢ ᠰᠢᠶᠠ ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠨᠢᠭᠡᠨᠲᠡ ᠭᠡᠯᠪᠡᠷᠢ ᠪᠠᠨ ᠬᠤᠪᠢᠷᠠᠭᠤᠯᠤᠨ ᠭᠦᠭᠵᠢᠭᠦ ᠵᠠᠩᠭᠢᠯᠠᠭ᠎ᠠ ᠶᠢᠨ ᠴᠠᠭ ᠦᠶ᠎ᠡ ᠳᠤ ᠣᠷᠣᠪᠠ ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠲᠠᠢ ᠨᠢᠭᠲᠠ ᠤᠶᠠᠯᠳᠤᠭᠤᠯᠤᠨ ᠂ ᠣᠷᠳᠣᠰ ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠭᠦ ᠲᠣᠭᠤᠷᠢᠭ ᠢ ᠪᠦᠲᠦᠭᠡᠨ ᠪᠠᠶᠢᠭᠤᠯᠬᠤ ᠪᠠᠷ ᠭᠠᠷᠳᠠᠴᠠ ᠪᠤᠯᠭᠠᠵᠤ ᠂ ᠲᠥᠪᠯᠡᠷᠡᠭᠦᠯᠦᠨ ᠪᠥᠭᠡᠮᠨᠡᠷᠡᠭᠦᠯᠵᠦ ᠂ ᠰᠢᠨ᠎ᠡ ᠶᠢ ᠡᠭᠦᠳᠭᠦ ᠪᠠᠷ ᠬᠥᠳᠡᠯᠭᠡᠭᠦᠷ ᠪᠤᠯᠭᠠᠵᠤ ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠶᠢ ᠪᠠᠷᠢᠮᠲᠠᠯᠠᠵᠤ ᠂ ᠨᠠᠷᠢᠯᠢᠭ ᠲᠥᠯᠥᠪᠵᠢᠭᠦᠯᠵᠦ ᠂ ᠲᠦᠷᠭᠡᠳᠬᠡᠨ ᠠᠬᠢᠭᠤᠯᠵᠤ ᠂ ᠨᠡᠭᠦᠷᠡᠰᠦ ᠪᠠᠷ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠪᠤᠯᠭᠠᠬᠤ ᠶᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠠᠵᠤ ᠦᠢᠯᠡᠰ ᠤᠨ ᠬᠡᠯᠬᠢᠶ᠎ᠡ ᠶᠢᠨ ᠳᠤᠮᠳᠠ ᠪᠠ ᠡᠴᠦᠰ ᠤᠨ ᠬᠡᠯᠬᠢᠶ᠎ᠡ ᠲᠡᠶᠢᠰᠢ ᠤᠷᠲᠤᠳᠬᠠᠬᠤ ᠂ ᠥᠷᠲᠡᠭ ᠤᠨ ᠬᠡᠯᠬᠢᠶ᠎ᠡ ᠶᠢᠨ ᠳᠤᠮᠳᠠ ᠳᠡᠭᠡᠳᠦ ᠲᠠᠰ ᠲᠡᠶᠢᠰᠢ ᠳᠡᠭᠡᠭᠰᠢᠯᠡᠭᠦᠯᠭᠦ ᠶᠢ ᠠᠬᠢᠭᠤᠯᠵᠤ ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠪᠡ ᠃

      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠤᠤ ᠴᠦᠨ ᠣᠷᠣᠯᠴᠠᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ