ᠰᠦᠨ ᠱᠤᠤ ᠴᠧᠩ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠳ᠋ᠢᠩ ᠶᠠᠨ ᠵᠠᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2022/9/26


      9 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠥᠬᠡᠬᠤᠲᠠ ᠳᠤ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠳᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠳ᠋ᠢᠩ ᠶᠠᠨ ᠵᠠᠩ ᠲᠠᠢ ᠠᠭᠤᠯᠵᠠᠪᠠ᠃

1.jpg


      ᠰᠦᠨ ᠱᠤᠤ ᠴᠧᠩ ᠳ᠋ᠢᠩ ᠶᠠᠨ ᠵᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠪᠡ᠃ ᠲᠡᠷᠡ᠂ ᠥᠪᠥᠷ ᠮᠣᠩᠭᠤᠯ ᠪᠣᠯᠤᠨ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠮᠠᠰᠢ ᠰᠠᠶᠢᠨ ᠬᠠᠮᠲᠤᠷᠠᠯᠴᠠᠭᠠᠨ ᠤ ᠰᠠᠭᠤᠷᠢ ᠲᠠᠢ ᠶᠤᠮ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠵᠤ ᠬᠠᠮᠲᠤ ᠪᠠᠷ ᠠᠰᠢᠭ ᠬᠦᠷᠲᠡᠬᠦ ᠵᠠᠷᠴᠢᠮ ᠢᠶᠠᠷ᠂ ᠬᠠᠮᠲᠤᠷᠠᠯᠴᠠᠬᠤ ᠵᠦᠢᠯ ᠢᠶᠠᠨ ᠣᠨᠣᠪᠴᠢᠲᠠᠢ ᠣᠯᠵᠤ᠂ ᠲᠤᠰᠬᠠᠢ ᠬᠥᠮᠦᠨ ᠲᠣᠭᠲᠠᠭᠠᠨ᠂ ᠭᠦᠨᠵᠡᠭᠡᠢ ᠵᠣᠯᠭᠠᠯᠴᠠᠭ᠎ᠠ ᠶᠢ ᠴᠢᠩᠭᠠᠳᠬᠠᠵᠤ᠂ ᠬᠤᠯᠪᠣᠭᠳᠠᠯ ᠪᠦᠬᠦᠢ ᠲᠦᠷᠦᠯ ᠵᠦᠢᠯ ᠢ ᠲᠦᠷᠭᠡᠨ ᠪᠠᠶᠢᠭᠤᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ᠃ ᠥᠪᠥᠷ ᠮᠣᠩᠭᠤᠯ ᠳᠤ ᠴᠢᠳᠠᠪᠤᠷᠢᠲᠠᠨ ᠳᠤᠲᠠᠭᠳᠠᠵᠤ ᠪᠠᠶᠢᠨ᠎ᠠ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠨ ᠳᠤ ᠮᠠᠨ ᠤ ᠣᠷᠣᠨ ᠳᠤ ᠴᠢᠳᠠᠪᠤᠷᠢᠲᠠᠨ ᠢ ᠢᠳᠡᠪᠬᠢᠲᠡᠶ ᠪᠠᠷ ᠲᠠᠨᠢᠯᠴᠠᠭᠤᠯᠬᠤ ᠪᠠ ᠰᠣᠩᠭᠤᠨ ᠲᠣᠮᠢᠯᠠᠬᠤ ᠶᠢᠨ ᠬᠠᠮᠲᠤ ᠤᠰᠤᠨ ᠠᠰᠢᠭᠯᠠᠯᠲᠠ᠂ ᠵᠠᠮ ᠬᠠᠷᠢᠯᠴᠠᠭ᠎ᠠ᠂ ᠰᠢᠨ᠎ᠡ ᠡᠨᠧᠷᠭᠢ ᠵᠡᠷᠭᠡ ᠲᠠᠯ᠎ᠠ ᠪᠠᠷ ᠪᠢᠳᠡᠨ ᠳᠤ ᠢᠯᠡᠭᠦᠬᠡᠨ ᠠᠷᠭ᠎ᠠ ᠤᠬᠠᠭᠠᠨ ᠭᠠᠷᠭᠠᠵᠤ᠂ ᠲᠥᠯᠥᠪᠵᠢᠭᠦᠯᠭᠡ ᠵᠢᠷᠤᠭ ᠲᠥᠯᠥᠪᠯᠡᠭᠡ ᠶᠢ ᠰᠠᠶᠢᠲᠤᠷ ᠬᠢᠵᠦ ᠦᠭᠬᠦ ᠶᠢ ᠬᠦᠰᠡᠵᠦ ᠪᠠᠶᠢᠨ᠎ᠠ ᠭᠡᠵᠡᠢ᠃

2.jpg


      ᠳ᠋ᠢᠩ ᠶᠠᠨ ᠵᠠᠩ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠤᠯᠪᠣᠭᠳᠠᠯ ᠪᠥᠬᠦᠶ ᠪᠠᠶᠢᠳᠠᠯ ᠪᠣᠯᠤᠨ ᠥᠪᠥᠷ ᠮᠣᠩᠭᠤᠯ ᠯᠤᠭ᠎ᠠ ᠶᠢᠨ ᠪᠣᠳᠠᠲᠠᠶ ᠬᠠᠮᠲᠤᠷᠠᠯᠴᠠᠭᠠᠨ ᠤ ᠵᠦᠶᠯᠡᠰ ᠢ ᠲᠠᠨᠢᠯᠴᠠᠭᠤᠯᠪᠠ᠃ ᠲᠡᠷᠡ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠳᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠨ ᠳᠤᠷᠠᠲᠠᠶ᠎ᠠ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠥᠪᠥᠷ ᠮᠣᠩᠭᠤᠯ ᠯᠤᠭ᠎ᠠ ᠶᠢᠨ ᠭᠦᠨᠵᠡᠭᠡᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠥᠪᠥᠷ ᠮᠣᠩᠭᠤᠯ ᠤᠨ ᠲᠠᠪᠠᠯᠳᠠᠳᠤ ᠮᠠᠶ᠋ᠢᠭ ᠤᠨ ᠬᠥᠭᠵᠢᠯᠲᠡ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ ᠭᠡᠵᠦ ᠢᠯᠡᠳᠭᠡᠪᠡ᠃
      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠢᠤᠢ ᠯᠢ ᠰᠢᠨ᠂ ᠵᠠᠩ ᠱᠤᠤ ᠴᠦᠨ ᠠᠭᠤᠯᠵᠠᠯᠲᠠ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ