ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/9/26

      ᠲᠦᠷᠦᠭᠦᠭᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃

      ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠨᠢ ᠠᠷᠠᠳ ᠲᠦᠮᠡᠨ ᠤ ᠪᠤᠶᠠᠨ ᠵᠢᠷᠭᠠᠯ ᠳᠤ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠶ ᠦᠶᠯᠡᠳᠪᠦᠷᠢᠯᠡᠯ ᠤᠨ ᠡᠨᠡ ᠬᠦ ᠰᠢᠵᠢᠮ ᠢ ᠴᠠᠭ ᠢᠮᠠᠭᠲᠠ ᠴᠢᠩᠭᠠᠯᠠᠵᠤ᠂  ︽ᠴᠠᠭ ᠢᠮᠠᠭᠲᠠ ᠰᠠᠨᠠᠭ᠎ᠠ ᠲᠠᠯᠪᠢᠬᠤ︾ ᠬᠠᠷᠢᠭᠤᠴᠠᠯᠭᠠᠲᠤ ᠰᠡᠳᠭᠢᠯᠭᠡ ᠪᠠᠷ᠂ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠲᠤᠶᠢᠯᠪᠦᠷᠢᠲᠠᠢ ᠪᠠᠶᠢᠴᠠᠭᠠᠬᠤ ᠠᠵᠢᠯ ᠢ ᠴᠢᠩᠭ᠎ᠠ ᠪᠣᠳᠠᠲᠠᠶ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭ᠎ᠠ ᠠᠳᠬᠤᠨ᠂ ᠡᠯ᠎ᠡ ᠭᠤᠭᠴᠤᠭ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠣᠷᠴᠢᠨ ᠨᠦᠭᠦᠴᠡᠯ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃

      ᠬᠤᠷᠠᠯ ᠠᠴᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠣᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠪᠥᠬᠦ ᠶᠠᠪᠤᠴᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠰᠠᠶᠢᠲᠤᠷ ᠪᠥᠲᠥᠭᠡᠨ ᠪᠠᠶᠢᠭᠤᠯᠵᠤ ᠰᠠᠶᠢᠲᠤᠷ ᠬᠠᠮᠢᠶᠠᠷᠤᠨ ᠬᠠᠮᠠᠭᠠᠯᠠᠵᠤ᠂ ᠡᠯ᠎ᠡ ᠵᠦᠶᠯ ᠤᠨ ᠡᠭᠦᠷᠭᠡ ᠶᠢ ᠨᠢᠭᠡᠳ ᠨᠢᠭᠡ ᠪᠠᠷ ᠪᠤᠲᠠᠲᠠᠢ ᠳᠤ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠤᠨᠠᠯᠳᠠ ᠶᠢ ᠨᠡᠮᠡᠭᠳᠡᠭᠦᠯᠬᠦ ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃

      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ