ᠮᠠᠨ ᠤ ᠣᠷᠣᠨ ᠤ ᠮᠠᠯᠴᠢᠨ ᠲᠠᠷᠢᠶᠠᠴᠢᠨ ᠤ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠵᠥᠭᠡᠭᠡᠪᠦᠷᠢᠯᠡᠬᠦ ᠠᠵᠢᠯ ᠢ ᠪᠦᠬᠦ ᠲᠠᠯ᠎ᠠ ᠪᠠᠷ ᠡᠬᠢᠯᠡᠭᠦᠯᠵᠡᠢ
ᠨᠡᠶᠢᠲᠡᠯᠡᠭᠰᠡᠨ ᠴᠠᠭ᠄
2022/9/26

      ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠬᠠᠮᠤᠭ ᠤᠨ ᠰᠢᠨ᠎ᠡ ᠮᠡᠳᠡᠭᠡ ᠶᠢ ᠦᠨᠳᠦᠰᠦᠯᠡᠪᠡᠯ᠄ ᠣᠲᠣ ᠪᠣᠯᠲᠠᠯ᠎ᠠ᠂ ᠪᠥᠬᠦ ᠣᠷᠣᠨ ᠤ 12 ᠠᠶᠢᠮᠠᠭ ᠬᠤᠲᠠ ᠴᠥᠮ ᠮᠠᠯᠴᠢᠨ ᠲᠠᠷᠢᠶᠠᠴᠢᠨ ᠤ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠵᠥᠭᠡᠭᠡᠪᠦᠷᠢᠯᠡᠬᠦ ᠠᠵᠢᠯ ᠢ ᠡᠬᠢᠯᠡᠭᠦᠯᠪᠡ᠃
      ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠪᠠᠲᠤᠯᠠᠬᠤ ᠪᠣᠯ ᠠᠷᠠᠳ ᠤᠨ ᠠᠮᠢᠳᠤᠷᠠᠯ ᠤᠨ ᠴᠢᠬᠤᠯᠠ ᠠᠵᠢᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠢᠳᠡᠪᠬᠢᠲᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠠᠴᠠ ᠴᠠᠭ ᠲᠤᠬᠠᠢ ᠳᠤ ᠨᠢ ᠪᠠᠶᠢᠷᠢᠯᠠᠭᠤᠯᠵᠤ᠂ ᠨᠠᠷᠢᠨ ᠨᠢᠮᠪᠠᠢ ᠲᠣᠬᠢᠷᠠᠭᠤᠯᠤᠨ᠂ ᠡᠯ᠎ᠡ ᠭᠠᠵᠠᠷ ᠣᠷᠣᠨ ᠯᠤᠭ᠎ᠠ ᠵᠣᠬᠢᠴᠠᠭᠤᠯᠤᠨ ᠵᠣᠯᠭᠠᠭᠤᠯᠬᠤ ᠶᠢ ᠴᠢᠩᠭᠠᠳᠬᠠᠵᠤ᠂ ᠮᠠᠯᠴᠢᠨ ᠲᠠᠷᠢᠶᠠᠴᠢᠨ ᠤ ᠨᠡᠭᠦᠷᠡᠰᠦᠨ ᠤ ᠬᠡᠷᠡᠭᠯᠡᠭᠡ ᠶᠢ ᠪᠠᠲᠤᠯᠠᠬᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ ᠪᠤᠢ᠃ 9 ᠳ᠋ᠦ᠋ᠭᠡᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠣᠷᠳᠣᠰ ᠬᠤᠲᠠ ᠳᠤ ᠲᠤᠬᠠᠢ ᠶᠢᠨ ᠲᠠᠯᠠᠪᠤᠷ ᠤᠨ ᠵᠣᠬᠢᠴᠠᠭᠤᠯᠬᠤ ᠬᠤᠷᠠᠯ ᠬᠤᠷᠠᠯᠳᠤᠭᠤᠯᠵᠤ᠂ ᠠᠶᠢᠮᠠᠭ ᠬᠤᠲᠠ ᠠᠯᠤᠰᠯᠠᠨ ᠨᠡᠭᠦᠷᠡᠰᠦ ᠬᠠᠩᠭᠠᠬᠤ ᠨᠡᠭᠦᠷᠡᠰᠦᠨ ᠤ ᠠᠵᠤ ᠠᠬᠤᠶᠢᠯᠠᠯ ᠤᠨ ᠨᠡᠷᠡᠰ ᠵᠢᠴᠢ ᠡᠭᠦᠷᠭᠡ ᠶᠢᠨ ᠬᠡᠮᠵᠢᠶ᠎ᠡ ᠶᠢ ᠲᠣᠭᠲᠠᠭᠠᠵᠤ᠂ ᠣᠷᠳᠣᠰ ᠬᠤᠲᠠ ᠶᠢᠨ 47 ᠨᠡᠭᠦᠷᠡᠰᠦᠨ ᠤ ᠠᠵᠤ ᠠᠬᠤᠶᠢᠯᠠᠯ ᠢᠶᠠᠷ ᠪᠥᠬᠦ ᠣᠷᠣᠨ ᠤ 304.3 ᠲᠦᠮᠡᠨ ᠲᠣᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠡᠭᠦᠷᠭᠡᠯᠡᠭᠦᠯᠬᠦ ᠪᠠᠷ ᠲᠣᠭᠲᠠᠭᠠᠪᠠ᠃ 9 ᠳ᠋ᠦ᠋ᠭᠡᠷ ᠰᠠᠷ᠎ᠠ ᠶᠢᠨ 6 ᠤ ᠡᠳᠦᠷ᠂ ︽ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠢ ᠡᠯ᠎ᠡ ᠠᠶᠢᠮᠠᠭ ᠬᠤᠲᠠ ᠳᠤ ᠲᠠᠷᠬᠠᠭᠠᠵᠤ᠂ ᠨᠡᠭᠦᠷᠡᠰᠦᠨ ᠤ ᠢᠷᠡᠯᠲᠡ ᠶᠢ ᠪᠠᠲᠤᠯᠠᠬᠤ ᠠᠶᠢᠮᠠᠭ ᠬᠤᠲᠠ ᠳᠤ ᠪᠠᠲᠤᠯᠠᠭ᠎ᠠ ᠶᠢᠨ ᠡᠭᠦᠷᠭᠡ ᠶᠢ ᠡᠭᠦᠷᠭᠡᠯᠡᠭᠰᠡᠨ ᠨᠡᠭᠦᠷᠡᠰᠦᠨ ᠠᠭᠤᠷᠬᠠᠢ ᠶᠢ ᠰᠢᠮᠳᠠᠭᠤᠯᠤᠨ ᠱᠠᠭᠠᠷᠳᠠᠵᠤ ᠪᠠᠶᠢᠭᠠᠳ᠂ ᠮᠠᠯᠴᠢᠨ ᠲᠠᠷᠢᠶᠠᠴᠢᠨ ᠤ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠦᠢᠯᠡᠳᠪᠦᠷᠢᠯᠡᠯ ᠬᠠᠩᠭᠠᠯᠭ᠎ᠠ ᠶᠢᠨ ᠡᠭᠦᠷᠭᠡ ᠶᠢ ᠬᠤᠭᠤᠴᠠᠭ᠎ᠠ ᠶᠣᠰᠣᠭᠠᠷ ᠴᠢᠨᠠᠷ ᠴᠢᠨᠰᠠᠭ᠎ᠠ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠵᠠᠢ︔ ᠨᠡᠭᠦᠷᠡᠰᠦ ᠬᠡᠷᠡᠭᠯᠡᠬᠦ ᠠᠶᠢᠮᠠᠭ ᠬᠤᠳᠠ ᠨᠤᠭᠤᠳ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠡᠭᠦᠷᠡᠰᠦ ᠬᠠᠩᠭᠠᠬᠤ ᠠᠶᠢᠮᠠᠭ ᠬᠤᠳᠠ ᠬᠢᠭᠡᠳ ᠨᠡᠭᠦᠷᠡᠰᠦᠨ ᠠᠭᠤᠷᠬᠠᠢ ᠯᠤᠭ᠎ᠠ ᠵᠣᠯᠭᠠᠭᠤᠯᠬᠤ ᠶᠢ ᠴᠢᠩᠭᠠᠳᠬᠠᠨ᠂ ︽ᠵᠠᠮ ᠱᠤᠭᠤᠮ ᠲᠣᠭᠲᠠᠭᠠᠬᠤ᠂ ᠲᠡᠷᠭᠡ ᠬᠥᠰᠬᠡ ᠶᠢ ᠲᠣᠭᠲᠠᠭᠠᠬᠤ᠂ ᠬᠥᠮᠥᠨ ᠢ ᠲᠣᠭᠲᠠᠭᠠᠬᠤ︾ ᠵᠠᠷᠴᠢᠮ ᠤᠨ ᠶᠣᠰᠣᠭᠠᠷ᠂ ᠨᠡᠭᠦᠷᠡᠰᠦ ᠲᠡᠭᠡᠭᠡᠪᠦᠷᠢᠯᠡᠬᠦ᠂ ᠲᠣᠬᠢᠷᠠᠭᠤᠯᠤᠨ ᠬᠦᠷᠭᠡᠬᠦ ᠵᠡᠷᠭᠡ ᠠᠵᠢᠯ ᠢ ᠥᠪᠡᠰᠦᠪᠡᠨ ᠵᠣᠬᠢᠶᠠᠨ ᠪᠠᠶᠢᠭᠤᠯᠵᠤ᠂ ᠮᠠᠯᠴᠢᠨ ᠲᠠᠷᠢᠶᠠᠴᠢᠨ ᠤ ᠳᠤᠯᠠᠭᠠᠯᠠᠯᠭ᠎ᠠ ᠳᠤ ᠬᠡᠷᠡᠭᠯᠡᠬᠦ ᠨᠡᠭᠦᠷᠡᠰᠦ ᠶᠢ ᠡᠷᠥᠭᠡ ᠳᠤ ᠬᠦᠷᠲᠡᠯ᠎ᠡ ᠲᠦᠷᠭᠡᠬᠡᠨ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠭᠠᠵᠠᠷ ᠤᠨ ᠡᠨᠧᠷᠭᠢ ᠶᠢᠨ ᠰᠠᠯᠠᠭ᠎ᠠ ᠮᠥᠴᠢᠷ ᠪᠣᠯᠣᠨ ᠨᠡᠭᠦᠷᠡᠰᠦᠨ ᠤ ᠠᠵᠤ ᠠᠬᠤᠶᠢᠯᠠᠯ ᠤᠨ ᠵᠣᠬᠢᠴᠠᠭᠤᠯᠭ᠎ᠠ ᠬᠠᠮᠵᠢᠯᠴᠠᠭ᠎ᠠ ᠪᠠᠷ ᠳᠠᠮᠵᠢᠨ᠂ ᠪᠥᠬᠦ ᠣᠷᠣᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠢᠷᠡᠯᠲᠡ ᠶᠢ ᠣᠬᠤᠷᠬᠠᠨ ᠬᠤᠭᠤᠴᠠᠭᠠᠨ ᠳᠤ ᠲᠦᠷᠭᠡᠨ ᠨᠠᠶᠢᠳᠠᠪᠤᠷᠢᠵᠢᠭᠤᠯᠬᠤ ᠶᠢᠨ ᠬᠠᠮᠲᠤ ᠡᠩ ᠤᠨ ᠦᠨ᠎ᠡ᠂ ᠰᠢᠲᠠᠭᠠᠬᠤ ᠪᠠᠷᠢᠮᠵᠢᠶ᠎ᠠ ᠪᠠᠷ ᠦᠢᠯᠡᠳᠪᠦᠷᠢᠯᠡᠯ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠬᠤ ᠬᠡᠷᠡᠭᠲᠡᠢ ᠭᠡᠵᠡᠢ᠃
      ᠡᠮᠬᠢᠯᠡᠭᠰᠡᠨ ᠢᠶᠠᠷ᠂ ᠡᠨᠡ ᠡᠪᠦᠯ ᠢᠷᠡᠬᠦ ᠬᠠᠪᠤᠷ ᠤᠨ ᠳᠤᠯᠠᠭᠠᠯᠭ᠎ᠠ ᠶᠢᠨ ᠬᠤᠭᠤᠴᠠᠭᠠᠨ ᠳᠤ᠂ ᠪᠥᠬᠦ ᠣᠷᠣᠨ ᠤ ᠨᠡᠭᠦᠷᠡᠰᠦ ᠰᠢᠲᠠᠭᠠᠵᠤ ᠳᠤᠯᠠᠭᠠᠯᠠᠬᠤ ᠬᠡᠷᠡᠭᠴᠡᠭᠡ ᠲᠠᠢ ᠮᠠᠯᠴᠢᠨ ᠲᠠᠷᠢᠶᠠᠴᠢᠨ ᠡᠷᠦᠬᠡ ᠨᠡᠶᠢᠲᠡ 208 ᠲᠦᠮᠡᠨ ᠡᠷᠦᠬᠡ ᠪᠠᠶᠢᠵᠤ᠂ 410 ᠲᠦᠮᠡᠨ ᠲᠣᠨ ᠨᠡᠭᠦᠷᠡᠰᠦ ᠬᠡᠷᠡᠭᠯᠡᠬᠦ ᠪᠠᠷ ᠲᠥᠯᠥᠪᠯᠡᠵᠦ ᠪᠣᠶ᠃ ᠣᠲᠣ ᠪᠣᠯᠲᠠᠯ᠎ᠠ᠂ ᠪᠥᠬᠦ ᠣᠷᠣᠨ ᠤ 12 ᠠᠶᠢᠮᠠᠭ ᠬᠤᠲᠠ ᠴᠥᠮ ᠮᠠᠯᠴᠢᠨ ᠲᠠᠷᠢᠶᠠᠴᠢᠨ ᠤ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠵᠥᠭᠡᠭᠡᠪᠦᠷᠢᠯᠡᠬᠦ ᠠᠵᠢᠯ ᠢ ᠡᠬᠢᠯᠡᠭᠦᠯᠦᠭᠰᠡᠨ ᠪᠠᠶᠢᠨ᠎ᠠ᠃ ᠡᠭᠦᠨ ᠳᠤ᠂ ᠣᠷᠳᠣᠰ ᠬᠤᠲᠠ᠂ ᠪᠠᠶᠠᠨᠨᠠᠭᠤᠷ ᠬᠤᠲᠠ᠂ ᠦᠬᠠᠢ ᠬᠤᠲᠠ᠂ ᠬᠢᠩᠭᠠᠨ ᠠᠶᠢᠮᠠᠭ᠂ ᠰᠢᠯᠢ ᠶᠢᠨ ᠭᠤᠣᠯ ᠠᠶᠢᠮᠠᠭ ᠵᠡᠷᠭᠡ ᠠᠶᠢᠮᠠᠭ ᠬᠤᠲᠠ ᠶᠢᠨ ᠠᠬᠢᠴᠠ ᠨᠡᠯᠢᠶᠡᠳ ᠲᠦᠷᠭᠡᠨ ᠪᠠᠶᠢᠵᠤ᠂ ᠬᠡᠰᠡᠭ ᠬᠤᠰᠢᠭᠤ ︵ᠰᠢᠶᠠᠨ᠂ ᠲᠣᠭᠤᠷᠢᠭ︶ ᠵᠥᠭᠡᠭᠡᠪᠦᠷᠢᠯᠡᠬᠦ ᠡᠭᠦᠷᠭᠡ ᠶᠢᠨ ᠬᠠᠭᠠᠰ ᠢ ᠨᠢ ᠨᠢᠭᠡᠨᠲᠡ ᠪᠡᠶᠡᠯᠡᠭᠦᠯᠵᠦ᠂ ᠪᠤᠰᠤᠳ ᠠᠶᠢᠮᠠᠭ ᠬᠤᠲᠠ ᠴᠤ ᠲᠡᠭᠡᠭᠡᠪᠦᠷᠢᠯᠡᠬᠦ ᠶᠢ ᠱᠠᠯᠠᠪᠳᠠᠨ ᠵᠣᠬᠢᠶᠠᠨ ᠪᠠᠶᠢᠭᠤᠯᠵᠤ ᠪᠤᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ