ᠮᠠᠨ ᠤ ᠣᠷᠣᠨ ᠤ 9 ᠳ᠋ᠦ᠋ᠭᠡᠷ ᠰᠠᠷ᠎ᠠ ᠶᠢᠨ 25 ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/9/26

      9 ᠳ᠋ᠦ᠋ᠭᠡᠷ ᠰᠠᠷ᠎ᠠ ᠶᠢᠨ 25 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠰᠢᠨ᠎ᠡ ᠪᠠᠷ ᠨᠡᠮᠡᠭᠳᠡᠭᠰᠡᠨ ᠦᠭᠡᠢ᠃ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 1 ︵ᠪᠤᠭᠤᠲᠤ ᠬᠤᠲᠠ ᠶᠢᠨ ᠳ᠋ᠦᠩ ᠾᠧ ᠲᠣᠭᠤᠷᠢᠭ ᠲᠤ︶᠂ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠲᠤ︶ ᠨᠡᠮᠡᠭᠳᠡᠪᠡ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ᠨᠡᠮᠡᠭᠳᠡᠪᠡ᠃ ᠲᠡᠷᠡ ᠨᠢ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠴᠢ ᠪᠣᠯᠣᠨ᠎ᠠ᠃ ᠲᠤᠬᠠᠢ ᠶᠢᠨ ᠭᠠᠵᠠᠷ ᠤᠨ ᠲᠣᠳᠣᠯᠠᠭᠰᠠᠨ 40 ᠡᠪᠡᠳᠴᠢᠨ ᠤ ᠵᠢᠱᠢᠶ᠎ᠡ ᠡᠳᠡᠭᠡᠷᠡᠨ ᠡᠮᠨᠡᠯᠭᠡ ᠠᠴᠠ ᠭᠠᠷᠪᠠ᠂ ᠡᠭᠦᠨ ᠳᠤ ᠤᠯᠠᠭᠠᠨᠬᠠᠳᠠ ᠬᠤᠲᠠ ᠳᠤ 39 ︵ᠬᠤᠩᠱᠠᠨ ᠲᠣᠭᠤᠷᠢᠭ ᠲᠤ 1᠂ ᠰᠥᠩᠱᠠᠨ ᠲᠣᠭᠤᠷᠢᠭ ᠲᠤ 10᠂ ᠣᠩᠨᠢᠭᠤᠳ ᠬᠤᠰᠢᠭᠤᠨ ᠳᠤ 28︶᠂ ᠰᠢᠯᠢ ᠶᠢᠨ ᠭᠤᠣᠯ ᠠᠶᠢᠮᠠᠭ ᠲᠤ 1 ︵ᠰᠢᠯᠢ ᠶᠢᠨ ᠬᠤᠲᠠ ᠳᠤ︶ ᠪᠣᠶ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 56 ᠬᠠᠯᠳᠠᠪᠤᠷᠢᠯᠠᠭᠳᠠᠭᠴᠢ  ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠤᠯᠠᠭᠠᠨᠬᠠᠳᠠ ᠬᠤᠲᠠ ᠳᠤ 50 ︵ᠰᠥᠩᠱᠠᠨ ᠲᠣᠭᠤᠷᠢᠭ ᠲᠤ 9᠂ ᠣᠩᠨᠢᠭᠤᠳ ᠬᠤᠰᠢᠭᠤᠨ ᠳᠤ 41︶᠂ ᠠᠯᠠᠱᠠ ᠠᠶᠢᠮᠠᠭ ᠲᠤ 6 ︵ᠡᠵᠡᠨ᠎ᠡ ᠬᠤᠰᠢᠭᠤᠨ ᠳᠤ 3᠂ ᠴᠡᠭᠡ ᠪᠣᠭᠤᠮᠲᠠ ᠳᠤ 3︶ ᠪᠣᠶ᠃

      9 ᠳ᠋ᠦ᠋ᠭᠡᠷ ᠰᠠᠷ᠎ᠠ ᠶᠢᠨ 25 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 159 ᠪᠠᠶᠢᠵᠤ᠂ ᠡᠭᠦᠨ ᠳᠤ ᠪᠤᠭᠤᠲᠤ ᠬᠤᠲᠠ ᠳᠤ 1 ︵ᠳ᠋ᠦᠩ ᠾᠧ ᠲᠣᠭᠤᠷᠢᠭ ᠲᠤ︶᠂ ᠬᠥᠯᠥᠨ ᠪᠤᠶᠢᠷ ᠬᠤᠲᠠ ᠳᠤ 3 ︵ᠴᠥᠮ ᠮᠠᠨᠵᠤᠤᠷ ᠬᠤᠲᠠ ᠳᠤ︶᠂ ᠤᠯᠠᠭᠠᠨᠬᠠᠳᠠ ᠬᠤᠲᠠ ᠳᠤ 154 ︵ᠬᠤᠩᠱᠠᠨ ᠲᠣᠭᠤᠷᠢᠭ ᠲᠤ 3᠂ ᠰᠦᠩᠱᠠᠨ ᠲᠣᠭᠤᠷᠢᠭ ᠲᠤ 81᠂ ᠣᠩᠨᠢᠭᠤᠳ ᠬᠤᠰᠢᠭᠤᠨ ᠳᠤ 65᠂ ᠠᠷᠤ ᠬᠤᠷᠴᠢᠨ ᠬᠤᠰᠢᠭᠤᠨ ᠳᠤ 5︶᠂ ᠠᠯᠠᠱᠠ ᠠᠶᠢᠮᠠᠭ ᠲᠤ 1 ︵ᠴᠡᠭᠡ ᠪᠣᠭᠤᠮᠲᠠ ᠳᠤ︶ ᠪᠣᠢ᠃  ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 149 ᠪᠠᠶᠢᠵᠤ᠂ ᠡᠭᠦᠨ ᠳᠤ ᠤᠯᠠᠭᠠᠨᠬᠠᠳᠠ ᠬᠤᠲᠠ ᠳᠤ 143 ︵ᠬᠤᠩᠱᠠᠨ ᠲᠣᠭᠤᠷᠢᠭ ᠲᠤ 5᠂ ᠰᠦᠩᠱᠠᠨ ᠲᠣᠭᠤᠷᠢᠭ ᠲᠤ 58᠂ ᠣᠩᠨᠢᠭᠤᠳ ᠬᠤᠰᠢᠭᠤᠨ ᠳᠤ 80︶᠂ ᠪᠠᠶᠠᠨᠨᠠᠭᠤᠷ ᠬᠤᠲᠠ ᠳᠤ 4 ︵ᠴᠥᠮ ᠯᠢᠨ ᠾᠧ ᠲᠣᠭᠤᠷᠢᠭ ᠲᠤ︶᠂ ᠠᠯᠠᠱᠠ ᠠᠶᠢᠮᠠᠭ ᠲᠤ 2 ︵ᠴᠥᠮ ᠴᠡᠭᠡ ᠪᠣᠭᠤᠮᠲᠠ ᠳᠤ︶ ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 17᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 5 ᠪᠠᠶᠢᠵᠤ᠂ ᠴᠥᠮ ᠬᠥᠬᠡᠬᠤᠲᠠ ᠳᠤ ᠪᠣᠶ᠃ ᠳᠡᠭᠡᠷᠡᠬᠢ ᠬᠥᠮᠥᠰ ᠢ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠨ ᠳᠡᠯᠭᠡᠷᠡᠬᠦ ᠶᠢ ᠴᠢᠩᠭ᠎ᠠ ᠰᠡᠷᠭᠡᠶᠢᠯᠠᠵᠦ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ