ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠳᠣᠯᠣᠳᠤᠭᠠᠷ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2022/9/27

      9 ᠰᠠᠷ᠎ᠠ ᠶᠢᠨ 26 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠳᠣᠯᠣᠳᠤᠭᠠᠷ ᠬᠤᠷᠠᠯ ᠡᠬᠢᠯᠡᠬᠦ ᠶᠢᠨ ᠬᠠᠮᠲᠤ ᠠᠩᠬᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠡ᠃
      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠣᠳᠣ 61 ᠪᠦᠷᠢᠯᠳᠦᠭᠦᠨ ᠲᠠᠢ᠂ 57 ᠬᠦᠮᠦᠨ ᠨᠢ ᠲᠤᠰ ᠤᠳᠠᠭᠠᠨ ᠤ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠦᠮᠦᠨ ᠤ ᠲᠤᠭ᠎ᠠ ᠳᠤ ᠨᠡᠶᠢᠴᠡᠪᠡ᠃
      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠯᠢᠨ ᠱᠣᠣ ᠴᠥᠨ ᠬᠤᠷᠠᠯ ᠢ ᠡᠷᠬᠢᠯᠡᠵᠦ᠂ ᠳᠡᠳ᠋ ᠡᠷᠬᠢᠯᠡᠭᠴᠢ ᠵᠠᠩ ᠶᠤᠸᠠᠨ ᠵᠦᠩ᠂ ᠳ᠋ᠤᠸᠠᠨ ᡁᠢ ᠴᠢᠶᠠᠩ᠂ ᠾᠧ ᠶᠠᠨ ᠯᠢᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ

ᠯᠢ ᠴᠢ ᠯᠢᠨ ᠬᠤᠷᠠᠯ ᠳᠤ ᠰᠤᠯᠠ ᠣᠷᠣᠯᠴᠠᠵᠠᠢ᠃
      ᠬᠤᠷᠠᠯ ᠤᠨ ᠵᠦᠪᠯᠡᠬᠦ ᠵᠦᠢᠯ ᠢ ᠪᠠᠲᠤᠯᠠᠭᠰᠠᠨ ᠤ ᠳᠠᠷᠠᠭ᠎ᠠ᠂ ᠬᠤᠷᠠᠯ ᠠᠴᠠ ᠬᠤᠸᠠᠩ ᡁᠢ ᠴᠢᠶᠠᠩ᠂ ᠳ᠋ᠤᠸᠠᠨ ᡁᠢ ᠴᠢᠶᠠᠩ ᠤᠨ ᠬᠢᠭᠰᠡᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠪᠠᠷ ᠳᠡᠪᠰᠢᠭᠦᠯᠦᠭᠰᠡᠨ ᠬᠦᠮᠦᠰ ᠤᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ᠂ ᠶᠠᠩ ᠽᠦᠩ ᠷᠧᠨ ᠤ ᠬᠢᠭᠰᠡᠨ ᠲᠤᠰᠢᠶᠠᠯ ᠳᠤ ᠲᠣᠮᠢᠯᠠᠬᠤ ᠪᠠᠷ ᠳᠡᠪᠰᠢᠭᠦᠯᠦᠭᠰᠡᠨ ᠬᠦᠮᠦᠰ ᠤᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠶᠢ ᠲᠤᠰ ᠲᠤᠰ ᠰᠣᠨᠣᠰᠪᠠ᠃
      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠰᠠᠷᠠᠨ ᠤ ᠬᠢᠭᠰᠡᠨ ︽ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠳᠦᠷᠢᠮ ︵ᠲᠥᠰᠥᠯ︶︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠵᠧᠩ ᠶᠢᠨ ᠴᠦᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠠᠭᠤ ᠪᠡᠶᠡᠲᠦ ᠬᠠᠶᠠᠭᠳᠠᠮᠠᠯ ᠪᠤᠳᠠᠰ ᠤᠨ ᠣᠷᠴᠢᠨ ᠲᠣᠭᠤᠷᠢᠨ ᠢ ᠪᠤᠬᠢᠷᠳᠤᠭᠤᠯᠬᠤ ᠶᠢ ᠰᠡᠷᠭᠡᠶᠢᠯᠡᠨ ᠵᠠᠰᠠᠬᠤ ᠳᠦᠷᠢᠮ ︵ᠲᠥᠰᠥᠯ︶︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠦᠪᠯᠡᠯ ᠤᠨ ᠳᠡᠳ᠋ ᠡᠷᠬᠢᠯᠡᠭᠴᠢ ᠭᠡᠰᠢᠭᠦᠨ ᠯᠠ ᠵᠢᠶᠦ᠋ᠨ ᠤ ᠬᠢᠭᠰᠡᠨ ︽ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠢᠯᠴᠢ ᠬᠠᠩᠭᠠᠬᠤ ᠳᠦᠷᠢᠮ

︵ᠵᠠᠰᠠᠪᠤᠷᠢ ᠣᠷᠤᠭᠤᠯᠤᠭᠰᠠᠨ ᠲᠥᠰᠥᠯ︶︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠡᠷᠬᠢᠯᠡᠭᠴᠢ ᠹᠦ᠋ ᠯᠧᠢ ᠶᠢᠨ ᠬᠢᠭᠰᠡᠨ ︽ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠠᠵᠤ ᠠᠬᠤᠢ ᠶᠢ ᠠᠬᠢᠭᠤᠯᠬᠤ ᠳᠦᠷᠢᠮ ︵ᠲᠦᠰᠦᠯ︶︾ ᠤᠨ ᠲᠤᠬᠠᠢ ᠲᠣᠳᠣᠷᠬᠠᠶᠢᠯᠠᠯᠲᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠠᠶᠢᠭᠤᠯᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠵᠧᠦ ᠴᠦᠨ ᠵᠢᠶᠧ ᠶᠢᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠦᠯᠢ ᠶᠢᠨ ᠬᠥᠮᠦᠵᠢᠯ ᠢ ᠠᠬᠢᠭᠤᠯᠬᠤ ᠳᠦᠷᠢᠮ ︵ᠲᠥᠰᠥᠯ︶︾ ᠤᠨ ᠲᠤᠬᠠᠢ ᠲᠣᠳᠣᠷᠬᠠᠶᠢᠯᠠᠯᠲᠠ᠂ ᠥᠪᠡᠷᠲᠡᠭᠡᠨ ᠵᠠᠰᠠᠬᠤ ᠣᠷᠣᠨ ᠤ ᠳᠠᠩᠰᠠ ᠡᠪᠬᠡᠮᠡᠯ ᠤᠨ ᠲᠣᠪᠴᠢᠶ᠎ᠠ ᠶᠢᠨ ᠳᠠᠷᠤᠭ᠎ᠠ ᠵᠠᠩ ᠪᠠᠢ ᠴᠧᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠩᠰᠠ ᠡᠪᠬᠡᠮᠡᠯ ᠤᠨ ᠳᠦᠷᠢᠮ ︵ᠵᠠᠰᠠᠪᠤᠷᠢ ᠣᠷᠤᠭᠤᠯᠤᠭᠰᠠᠨ ᠲᠥᠰᠥᠯ︶︾ ᠤᠨ ᠲᠤᠬᠠᠢ ᠲᠣᠳᠣᠷᠬᠠᠶᠢᠯᠠᠯᠲᠠ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠳᠠᠷᠤᠭ᠎ᠠ ᠵᠣᠣ ᠳ᠋ᠠ ᠶᠦᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠤᠢ ᠶᠢᠨ ᠬᠠᠮᠢᠶᠠᠷᠤᠯᠲᠠ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ ︵ᠵᠠᠰᠠᠪᠤᠷᠢ ᠣᠷᠤᠭᠤᠯᠤᠭᠰᠠᠨ ᠲᠦᠰᠦᠯ︶︾ ᠶᠢᠨ ᠲᠤᠬᠠᠢ ᠲᠣᠳᠣᠷᠬᠠᠶᠢᠯᠠᠯᠲᠠ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠳᠡᠳ᠋ ᠳᠠᠷᠤᠭ᠎ᠠ᠂ ᠭᠠᠯ ᠰᠡᠷᠭᠡᠶᠢᠯᠠᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠢ ᠠᠩᠭᠢ ᠶᠢᠨ ᠳᠠᠷᠤᠭ᠎ᠠ ᠯᠢ ᠵᠢᠶᠦ᠋ᠨ ᠹᠧᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠳᠦᠷᠢᠮ ︵ᠵᠠᠰᠠᠪᠤᠷᠢ ᠣᠷᠣᠭᠤᠯᠤᠭᠰᠠᠨ ᠲᠦᠰᠦᠯ︶︾ ᠤᠨ ᠲᠤᠬᠠᠢ ᠲᠣᠳᠣᠷᠬᠠᠶᠢᠯᠠᠯᠲᠠ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠳᠠᠷᠤᠭ᠎ᠠ ᠪᠠᠢ ᠶᠦᠩ ᠫᠢᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠢ ᠰᠡᠷᠭᠡᠶᠢᠯᠡᠬᠦ ᠳᠦᠷᠢᠮ︾ ᠵᠡᠷᠭᠡ ᠣᠷᠣᠨ ᠨᠤᠲᠤᠭ ᠤᠨ ᠴᠢᠨᠠᠷᠲᠠᠢ 4 ᠬᠠᠤᠯᠢ ᠲᠣᠭᠲᠠᠭᠠᠯ ︵ᠵᠠᠰᠠᠪᠤᠷᠢ ᠣᠷᠣᠭᠤᠯᠤᠭᠰᠠᠨ ᠲᠦᠰᠦᠯ︶ ᠤᠨ ᠲᠤᠬᠠᠢ ᠲᠣᠳᠣᠷᠬᠠᠶᠢᠯᠠᠯᠲᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠵᠥᠪᠯᠡᠯ ᠤᠨ ᠡᠷᠬᠢᠯᠡᠭᠴᠢ ᠱᠢ ᠵᠢᠢ ᠠᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠤ ᠠᠬᠤᠢ ᠶᠢᠨ ᠠᠵᠢᠯ ᠳᠤ ᠬᠢᠨᠠᠯᠲᠠ ᠲᠠᠯᠪᠢᠬᠤ ᠠᠷᠭ᠎ᠠ︾ ᠶᠢ ᠬᠥᠴᠦᠨ ᠦᠭᠡᠢ ᠪᠣᠯᠭᠠᠬᠤ ᠲᠤᠬᠠᠢ ᠲᠣᠳᠣᠷᠬᠠᠶᠢᠯᠠᠯᠲᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠵᠥᠪᠯᠡᠯ ᠤᠨ ᠡᠷᠬᠢᠯᠡᠭᠴᠢ ᠮᠧᠩ ᠴᠢᠩ ᠮᠢᠨ ᠤ ᠬᠢᠭᠰᠡᠨ ︽ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ ᠠᠵᠢᠯ ᠢ ᠭᠦᠨᠵᠡᠭᠡᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ ︵ᠲᠥᠰᠥᠯ︶︾ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ᠃
      ᠬᠤᠷᠠᠯ ᠠᠴᠠ ᠬᠤᠸᠠᠩ ᡁᠢ ᠴᠢᠶᠠᠩ ᠤᠨ ᠬᠢᠭᠰᠡᠨ ᠲᠠᠪᠤ ᠶᠢ ᠲᠤᠶᠢᠯᠪᠤᠷᠢᠲᠠᠢ ᠪᠠᠶᠢᠴᠠᠭᠠᠬᠤ ᠠᠵᠢᠯᠯᠠᠭ᠎ᠠ ᠶᠢ ᠠᠬᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠪᠠ᠃
      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠵᠠᠩ ᠶᠦᠩ ᠵᠢᠶᠦ᠋ᠨ ᠤ ᠬᠢᠭᠰᠡᠨ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳᠤ ᠬᠦᠷᠬᠦ ᠪᠠ ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠳᠠᠷᠤᠭ᠎ᠠ ᠵᠠᠩ ᠯᠧᠢ ᠶᠢᠨ ᠬᠢᠭᠰᠡᠨ 2020 ᠣᠨ ᠠᠴᠠ ᠨᠠᠭᠠᠰᠢᠬᠢ ᠰᠢᠨ᠎ᠡ ᠪᠠᠷ ᠨᠡᠮᠡᠭᠳᠡᠭᠰᠡᠨ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠵᠤ ᠬᠡᠷᠡᠭᠯᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠪᠠ᠃
      ᠬᠤᠷᠠᠯ ᠠᠴᠠ ᠪᠠᠰᠠ ᠬᠡᠰᠡᠭ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠥᠪᠰᠢᠶᠡᠷᠡᠭᠦᠯᠬᠦ ᠪᠠᠷ ᠳᠡᠪᠰᠢᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠲᠣᠳᠣᠷᠬᠠᠶᠢᠯᠠᠯᠲᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠭᠡᠮ ᠢ ᠬᠢᠨᠠᠨ ᠪᠠᠶᠢᠴᠠᠭᠠᠬᠤ ᠵᠥᠪᠯᠡᠯ ᠤᠨ ᠲᠤᠰᠢᠶᠠᠯ ᠳᠤ ᠲᠣᠮᠢᠯᠠᠬᠤ ᠬᠥᠮᠦᠰ ᠤᠨ ᠪᠠᠶᠢᠳᠠᠯ ᠤᠨ ᠲᠣᠳᠣᠷᠬᠠᠶᠢᠯᠠᠯᠲᠠ᠂ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠭᠡᠮ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠭᠡᠮ ᠢ ᠬᠢᠨᠠᠨ ᠪᠠᠶᠢᠴᠠᠭᠠᠬᠤ ᠵᠥᠪᠯᠡᠯ ᠤᠨ ᠮᠡᠳᠡᠭᠦᠯᠦᠯᠲᠡ ︵ᠲᠥᠰᠥᠯ︶᠂ 2022 ᠣᠨ ᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠦᠰᠦᠪ ᠤᠨ ᠲᠣᠬᠢᠷᠠᠭᠤᠯᠤᠯᠲᠠ ᠶᠢᠨ ᠲᠥᠰᠥᠯ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠡᠳᠡᠭᠦᠯᠦᠯᠲᠡ ᠶᠢ ᠬᠢᠨᠠᠨ ᠵᠥᠪᠯᠡᠪᠡ᠃
      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ᠂ ᠭᠡᠰᠢᠭᠦᠨ᠂ ᠬᠡᠰᠡᠭ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ᠂ ᠠᠶᠢᠮᠠᠭ ᠤᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠨᠦᠬᠦᠳ᠂ ᠡᠯ᠎ᠡ ᠲᠣᠭᠤᠷᠢᠭ ᠪᠠᠶᠢᠭᠤᠯᠤᠭᠰᠠᠨ ᠬᠤᠲᠠ᠂ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠷᠢᠭᠤᠴᠠᠯᠭᠠᠲᠠᠨ ᠨᠦᠬᠦᠳ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠤᠨ ᠬᠠᠷᠢᠭᠤᠴᠠᠯᠭᠠᠲᠠᠨ ᠨᠦᠬᠦᠳ ᠪᠣᠯᠣᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠦᠬᠦᠳ ᠬᠤᠷᠠᠯ ᠳᠤ ᠰᠤᠯᠠ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ