ᠰᠦᠨ ᠱᠣᠣ ᠴᠧᠩ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠮᠠ ᠶᠦᠩ ᠱᠧᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2022/9/28

      9 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠣ ᠴᠧᠩ ᠬᠥᠬᠡᠬᠤᠲᠠ ᠳᠤ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠮᠠ ᠶᠦᠩ ᠱᠧᠩ ᠲᠠᠢ ᠠᠭᠤᠯᠵᠠᠪᠠ᠃

1.jpg


      ᠰᠦᠨ ᠱᠣᠣ ᠴᠧᠩ ᠮᠠ ᠶᠦᠩ ᠱᠧᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠥᠪᠥᠷ ᠮᠣᠩᠭᠤᠯ ᠳᠤ ᠨᠡᠭᠦᠷᠡᠰᠦ᠂ ᠰᠠᠯᠬᠢ ᠭᠡᠷᠡᠯ ᠤᠨ ᠡᠬᠢ ᠪᠠᠶᠠᠯᠢᠭ ᠡᠯᠪᠡᠭ ᠪᠠᠶᠢᠬᠤ ᠪᠠᠷ ᠪᠠᠷᠠᠬᠤ ᠦᠭᠡᠢ᠂ ᠴᠢᠯᠠᠭᠤᠨ ᠲᠣᠰᠣ ᠰᠢᠲᠠᠮᠠᠬᠠᠢ ᠬᠡᠢ ᠶᠢᠨ ᠡᠬᠢ ᠪᠠᠶᠠᠯᠢᠭ ᠤᠨ ᠬᠠᠶᠢᠨ ᠲᠣᠳᠣᠯᠠᠭᠰᠠᠨ ᠬᠠᠳᠠᠭᠠᠯᠠᠭᠳᠠᠴᠠ ᠶᠢᠨ ᠬᠡᠮᠵᠢᠶ᠎ᠡ ᠨᠢ ᠴᠦ ᠮᠠᠰᠢ ᠶᠡᠭᠡ ᠪᠠᠶᠢᠳᠠᠭ᠂ ᠭᠡᠪᠡᠴᠦ ᠨᠡᠭᠡᠭᠡᠨ ᠠᠰᠢᠭᠯᠠᠬᠤ ᠡᠷᠴᠢᠮ ᠨᠢ ᠬᠦᠷᠦᠯᠴᠡᠬᠦ ᠦᠭᠡᠢ ᠪᠠᠶᠢᠨ᠎ᠠ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠳᠤ ᠪᠢᠳᠡᠨ ᠢ ᠬᠠᠪᠰᠤᠷᠤᠨ ᠴᠢᠯᠠᠭᠤᠨ ᠲᠣᠰᠣ ᠰᠢᠲᠠᠮᠠᠬᠠᠢ ᠬᠡᠢ ᠶᠢ ᠨᠡᠭᠡᠭᠡᠨ ᠠᠰᠢᠭᠯᠠᠬᠤ ᠪᠦᠬᠦᠯᠢ ᠴᠣᠭᠴᠠ ᠶᠢᠨ ᠲᠥᠯᠥᠪᠵᠢᠭᠦᠯᠭᠡ ᠶᠢ ᠰᠠᠶᠢᠲᠤᠷ ᠬᠢᠬᠦ ᠶᠢᠨ ᠬᠠᠮᠲᠤ ᠨᠡᠭᠡᠭᠡᠨ ᠠᠰᠢᠭᠯᠠᠬᠤ ᠳᠤ ᠢᠳᠡᠪᠬᠢᠲᠡᠢ ᠣᠷᠣᠯᠴᠠᠬᠤ ᠶᠢ ᠬᠦᠰᠡᠵᠦ ᠪᠠᠶᠢᠨ᠎ᠠ᠃ ᠥᠪᠥᠷ ᠮᠣᠩᠭᠤᠯ ᠤᠨ ᠬᠠᠮᠤᠭ ᠤᠨ ᠲᠣᠪᠣᠶᠢᠮ᠎ᠠ ᠠᠰᠠᠭᠤᠳᠠᠯ ᠪᠣᠯ ᠴᠢᠳᠠᠪᠤᠷᠢᠲᠠᠨ ᠳᠤᠲᠠᠭᠳᠠᠵᠤ ᠪᠠᠶᠢᠨ᠎ᠠ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠠᠴᠠ ᠴᠢᠳᠠᠪᠤᠷᠢᠲᠠᠨ ᠤ ᠳᠠᠪᠠᠭᠤᠯᠢᠭ᠂ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠲᠤᠰᠢᠶᠠᠯ ᠡᠭᠦᠷᠭᠡᠯᠡᠬᠦ᠂ ᠲᠤᠰᠠᠯᠠᠬᠤ ᠵᠡᠷᠭᠡ ᠠᠷᠭ᠎ᠠ ᠬᠡᠯᠪᠡᠷᠢ ᠪᠠᠷ ᠲᠤᠰᠠᠯᠠᠮᠵᠢ ᠦᠵᠡᠭᠦᠯᠬᠦ ᠶᠢ ᠬᠦᠰᠡᠵᠦ ᠪᠠᠶᠢᠨ᠎ᠠ᠃ ᠥᠪᠥᠷ ᠮᠣᠩᠭᠤᠯ ᠪᠣᠯ ᠨᠡᠭᠡᠭᠡᠯᠲᠡᠲᠡᠢ ᠶᠤᠮ᠂ ᠳᠣᠲᠣᠭᠠᠳᠤ ᠳᠠᠭᠠᠨ ᠪᠠᠭᠲᠠᠭᠠᠨ ᠰᠢᠩᠭᠡᠭᠡᠬᠦ ᠰᠢᠨ᠎ᠡ ᠡᠨᠧᠷᠭᠢ ᠶᠢᠨ ᠲᠥᠷᠥᠯ ᠵᠦᠢᠯ ᠪᠥᠬᠦᠨ ᠢ ᠪᠢᠳᠡ ᠴᠥᠮ ᠪᠥᠬᠦ ᠬᠦᠴᠦᠨ ᠢᠶᠠᠷ ᠢᠶᠠᠨ ᠳᠡᠮᠵᠢᠨ᠎ᠡ᠃ ᠪᠢᠳᠡ ᠳᠤᠷᠠᠲᠠᠶ᠎ᠠ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠲᠠᠢ ᠬᠠᠮᠲᠤ ᠪᠠᠷ ᠴᠢᠷᠮᠠᠶᠢᠵᠤ᠂ ᠱᠠᠯᠠᠪᠳᠠᠨ ᠬᠥᠳᠡᠯᠦᠯᠴᠡᠵᠦ᠂ ᠴᠢᠷᠮᠠᠶᠢᠨ ᠠᠵᠢᠯᠯᠠᠵᠤ᠂ ᠵᠥᠪᠯᠡᠯᠴᠡᠭᠡᠷ ᠤᠨ ᠵᠦᠢᠯᠡᠰ ᠢ ᠲᠦᠷᠭᠡᠳᠬᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠪᠠᠶᠠᠵᠢᠬᠤ᠂ ᠣᠷᠣᠨ ᠨᠤᠲᠤᠭ ᠤᠨ ᠬᠥᠭᠵᠢᠬᠦ ᠶᠢ ᠪᠡᠶᠡᠯᠡᠭᠦᠯᠬᠦ ᠶᠢ ᠠᠬᠢᠭᠤᠯᠤᠨ᠎ᠠ ᠭᠡᠵᠡᠢ᠃

2.jpg


      ᠮᠠ ᠶᠦᠩ ᠱᠧᠩ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠥᠪᠥᠷ ᠮᠣᠩᠭᠤᠯ ᠳᠠᠬᠢ ᠠᠵᠤ ᠦᠢᠯᠡᠰ ᠤᠨ ᠪᠠᠶᠢᠷᠢᠰᠢᠭᠤᠯᠤᠯᠲᠠ ᠪᠣᠯᠣᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ᠂  ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠶᠢ ᠠᠬᠢᠭᠤᠯᠤᠨ᠎ᠠ᠃ ᠡᠭᠦᠨ ᠤ ᠬᠠᠮᠲᠤ᠂ ᠳᠤᠷᠠᠲᠠᠶ᠎ᠠ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠥᠪᠥᠷ ᠮᠣᠩᠭᠤᠯ ᠤᠨ ᠲᠣᠰ ᠭᠠᠵᠠᠷ ᠣᠷᠣᠨ ᠤ ᠠᠵᠤ ᠠᠬᠤᠶᠢᠯᠠᠯ ᠲᠠᠢ ᠪᠡᠯᠡ ᠨᠡᠶᠢᠯᠡᠭᠦᠯᠦᠨ ᠬᠠᠮᠲᠤᠷᠠᠯᠴᠠᠬᠤ ᠶᠢ ᠢᠳᠡᠪᠬᠢᠲᠡᠢ ᠥᠷᠨᠢᠭᠦᠯᠵᠦ᠂ ᠥᠪᠥᠷ ᠮᠣᠩᠭᠤᠯ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃

      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠰᠢᠨ᠂ ᠠᠢ ᠯᠢ ᠬᠤᠸᠠ ᠠᠭᠤᠯᠵᠠᠯᠲᠠ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ