ᠰᠦᠨ ᠱᠣᠣ ᠴᠧᠩ ᠵᠥᠩ ᠮᠧᠢ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠸᠠᠩ ᠱᠦ ᠳ᠋ᠦᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2022/9/29

      9 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠣ ᠴᠧᠩ ᠬᠥᠬᠡᠬᠤᠲᠠ ᠳᠤ ᠳᠤᠮᠳᠠᠳᠤ ᠤᠯᠤᠰ ᠤᠨ ᠵᠥᠩ ᠮᠧᠢ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠸᠠᠩ ᠱᠦ ᠳ᠋ᠦᠩ ᠲᠠᠢ ᠠᠭᠤᠯᠵᠠᠪᠠ᠃

1.jpg

 

      ᠰᠦᠨ ᠱᠣᠣ ᠴᠧᠩ᠂ ᠳᠤᠮᠳᠠᠳᠤ ᠤᠯᠤᠰ ᠤᠨ ᠵᠥᠩ ᠮᠧᠢ ᠡᠨᠧᠷᠭᠢ ᠶᠢᠨ ᠪᠦᠯᠦᠭᠯᠡᠯ ᠪᠣᠯ ᠪᠥᠬᠦ ᠤᠯᠤᠰ ᠲᠤ ᠲᠦᠷᠦᠭᠦᠯᠡᠵᠦ ᠪᠠᠶᠢᠭ᠎ᠠ ᠨᠡᠭᠦᠷᠡᠰᠦᠨ ᠤ ᠠᠵᠤ ᠠᠬᠤᠶᠢᠯᠠᠯ ᠪᠣᠯᠣᠨ᠎ᠠ᠂ ᠥᠪᠥᠷ ᠮᠣᠩᠭᠤᠯ ᠪᠣᠯ ᠨᠡᠭᠦᠷᠡᠰᠦᠨ ᠤ ᠬᠠᠶᠢᠨ ᠲᠣᠳᠣᠯᠠᠭᠰᠠᠨ ᠬᠠᠳᠠᠭᠠᠯᠠᠭᠳᠠᠴᠠ ᠶᠢᠨ ᠬᠡᠮᠵᠢᠶ᠎ᠡ ᠪᠠᠷ ᠬᠠᠮᠤᠭ ᠤᠨ ᠶᠡᠭᠡ ᠮᠤᠵᠢ ᠣᠷᠣᠨ ᠪᠣᠯᠣᠨ᠎ᠠ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠣᠷᠣᠨ ᠵᠠᠢ ᠯᠤᠲᠤ ᠶᠡᠭᠡ ᠪᠠᠶᠢᠨ᠎ᠠ᠃ ᠬᠠᠮᠲᠤ ᠪᠠᠷ ᠠᠰᠢᠭ ᠬᠦᠷᠲᠡᠬᠦ ᠪᠣᠯ ᠬᠠᠮᠲᠤᠷᠠᠯᠴᠠᠭᠠᠨ ᠤ ᠬᠠᠮᠤᠭ ᠤᠨ ᠳᠡᠭᠡᠳᠦ ᠠᠬᠤᠢ ᠪᠠᠶᠢᠳᠠᠯ ᠪᠣᠯᠣᠨ᠎ᠠ᠂ ᠳᠤᠮᠳᠠᠳᠤ ᠤᠯᠤᠰ ᠤᠨ ᠵᠥᠩ ᠮᠧᠢ ᠡᠨᠧᠷᠭᠢ ᠶᠢᠨ ᠪᠦᠯᠦᠭᠯᠡᠯ ᠤᠨ ᠬᠢᠨ ᠳᠤ ᠳᠠᠪᠠᠭᠤᠯᠢᠭ ᠢᠶᠠᠨ ᠪᠠᠳᠠᠷᠠᠭᠤᠯᠵᠤ᠂ ᠮᠠᠨ ᠤ ᠣᠷᠣᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠢᠯᠡᠭᠦᠬᠡᠨ ᠳᠠᠭᠠᠭᠤᠯᠤᠨ ᠬᠠᠮᠲᠤ ᠪᠠᠷ ᠠᠵᠢᠯᠯᠠᠬᠤ ᠶᠢ ᠬᠦᠰᠡᠵᠦ ᠪᠠᠶᠢᠨ᠎ᠠ᠃ ᠲᠡᠦᠬᠡᠨ ᠦᠯᠡᠳᠡᠭᠳᠡᠯ ᠠᠰᠠᠭᠤᠳᠠᠯ ᠳᠤ᠂ ᠪᠢᠳᠡᠨ ᠳᠤᠷᠠᠲᠠᠶ᠎ᠠ ᠤᠴᠢᠷ ᠶᠠᠪᠤᠳᠠᠯ ᠢ ᠰᠢᠢᠳᠪᠦᠷᠢᠯᠡᠵᠦ ᠳᠠᠭᠤᠰᠬᠠᠬᠤ ᠣᠪᠣᠷ ᠢᠶᠠᠷ ᠬᠠᠤᠯᠢ ᠲᠣᠭᠲᠠᠭᠠᠯ ᠶᠣᠰᠣᠭᠠᠷ ᠢᠳᠡᠪᠬᠢᠲᠡᠢ ᠪᠥᠭᠡᠳ ᠯᠠᠪᠳᠠᠭᠤᠨ ᠠᠬᠢᠭᠤᠯᠤᠨ ᠰᠢᠢᠳᠪᠦᠷᠢᠯᠡᠵᠦ᠂ ᠵᠢᠭᠤᠷᠠᠯᠳᠤᠬᠤ ᠦᠭᠡᠢ᠂ ᠤᠷᠤᠭᠰᠢ ᠪᠠᠨ ᠬᠠᠷᠠᠨ᠎ᠠ᠃ ᠰᠢᠨ᠎ᠡ ᠡᠨᠧᠷᠭᠢ ᠶᠢᠨ ᠲᠥᠷᠥᠯ ᠵᠦᠢᠯ ᠤᠨ ᠲᠠᠯ᠎ᠠ ᠪᠠᠷ᠂ ᠥᠪᠥᠷ ᠮᠣᠩᠭᠤᠯ ᠤᠨ ᠬᠢᠨ ᠣᠷᠣᠨ ᠤ ᠭᠠᠳᠠᠨᠠᠬᠢ ᠡᠯ᠎ᠡ ᠲᠥᠷᠥᠯ ᠤᠨ ᠠᠵᠤ ᠠᠬᠤᠶᠢᠯᠠᠯ ᠲᠠᠢ ᠳᠤᠷᠠᠲᠠᠶ᠎ᠠ ᠬᠠᠮᠲᠤ ᠠᠵᠢᠯᠯᠠᠨ᠎ᠠ᠂ ᠬᠠᠮᠲᠤᠷᠠᠯᠴᠠᠬᠤ ᠠᠷᠭ᠎ᠠ ᠬᠡᠯᠪᠡᠷᠢ ᠣᠯᠠᠨ ᠶᠠᠩᠵᠤ ᠪᠠᠶᠢᠵᠤ ᠪᠣᠯᠣᠨ᠎ᠠ᠂ ᠪᠢᠳᠡᠨ ᠬᠤᠪᠢ ᠣᠷᠤᠭᠤᠯᠤᠯᠲᠠ ᠶᠢ ᠡᠷᠬᠡᠰᠢᠶᠡᠬᠦ ᠶᠢ ᠬᠥᠭᠡᠭᠡᠴᠡᠯᠳᠦᠬᠦ ᠦᠭᠡᠢ᠂ ᠡᠵᠡᠩᠨᠡᠯᠲᠡ ᠳᠤ ᠣᠷᠣᠯᠴᠠᠬᠤ ᠦᠭᠡᠢ ᠪᠠᠶᠢᠭᠰᠠᠨ ᠴᠤ ᠪᠣᠯᠣᠨ᠎ᠠ᠂ ᠭᠡᠪᠡᠴᠦ ᠤᠷᠢᠳᠠᠯ ᠨᠥᠬᠦᠴᠡᠯ ᠭᠡᠪᠡᠯ ᠡᠬᠢ ᠪᠠᠶᠠᠯᠢᠭ ᠢ ︽ᠬᠤᠳᠠᠯᠳᠤᠴᠢᠬᠠᠭᠠᠳ ᠯᠠ ᠪᠣᠯᠴᠢᠬᠠᠬᠤ︾ ᠪᠢᠰᠢ᠂ ᠦᠷ᠎ᠡ ᠬᠤᠶᠢᠴᠢᠰ ᠲᠠᠭᠠᠨ ᠢᠯᠡᠭᠦᠬᠡᠨ ᠡᠳ᠋ ᠬᠥᠷᠥᠩᠭᠡ ᠦᠯᠡᠳᠡᠭᠡᠵᠦ ᠥᠭᠭᠦᠨ᠎ᠡ᠃ ᠠᠵᠤ ᠠᠬᠤᠶᠢᠯᠠᠯ ᠥᠪᠡᠷ ᠲᠡᠭᠡᠨ ᠪᠠᠭᠲᠠᠭᠠᠨ ᠰᠢᠩᠭᠡᠭᠡᠵᠦ ᠴᠢᠳᠠᠳᠠᠭ ᠯᠠ ᠶᠤᠮ ᠪᠣᠯ ᠪᠢᠳᠡ ᠴᠥᠮ ᠰᠢᠨ᠎ᠡ ᠡᠨᠧᠷᠭᠢ ᠶᠢ ᠬᠥᠭᠵᠢᠭᠦᠯᠬᠦ ᠶᠢ ᠪᠥᠬᠦ ᠬᠦᠴᠦᠨ ᠢᠶᠠᠷ ᠢᠶᠠᠨ ᠳᠡᠮᠵᠢᠨ᠎ᠡ ᠭᠡᠵᠡᠢ᠃

2.jpg

 

      ᠸᠠᠩ ᠱᠤ᠋ ᠳ᠋ᠦᠩ ᠳᠤᠮᠳᠠᠳᠤ ᠤᠯᠤᠰ ᠤᠨ ᠵᠥᠩ ᠮᠧᠢ ᠡᠨᠧᠷᠭᠢ ᠶᠢᠨ ᠪᠦᠯᠦᠭᠯᠡᠯ ᠤᠨ ᠬᠤᠯᠪᠣᠭᠳᠠᠯ ᠪᠦᠬᠦᠢ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ᠂ ᠥᠪᠥᠷ ᠮᠣᠩᠭᠤᠯ ᠪᠣᠯ ᠳᠤᠮᠳᠠᠳᠤ ᠤᠯᠤᠰ ᠤᠨ ᠵᠥᠩ ᠮᠧᠢ ᠡᠨᠧᠷᠭᠢ ᠶᠢᠨ ᠪᠦᠯᠦᠭᠯᠡᠯ ᠤᠨ ᠲᠤᠬᠠᠶᠢᠯᠠᠭᠰᠠᠨ ᠠᠵᠢᠯ ᠤᠨ ᠴᠢᠬᠤᠯᠠ ᠬᠡᠰᠡᠭ ᠪᠣᠯᠣᠨ᠎ᠠ᠂ ᠪᠢᠳᠡ ᠳᠤᠷᠠᠲᠠᠶ᠎ᠠ ᠪᠡᠯᠡ ᠣᠷᠤᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠨᠡᠭᠦᠷᠡᠰᠦᠨ ᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠬᠦ ᠪᠠ ᠨᠡᠭᠦᠷᠡᠰᠦ ᠪᠠᠷ ᠴᠠᠬᠢᠯᠭᠠᠨ ᠭᠠᠷᠭᠠᠬᠤ ᠬᠤᠯᠪᠣᠭᠠᠯᠠᠨ ᠡᠵᠡᠩᠨᠡᠬᠦ᠂ ᠨᠡᠭᠦᠷᠡᠰᠦ ᠪᠠᠷ ᠴᠠᠬᠢᠯᠭᠠᠨ ᠭᠠᠷᠭᠠᠬᠤ ᠬᠢᠭᠡᠳ ᠳᠠᠬᠢᠯᠲᠠ ᠡᠨᠧᠷᠭᠢ ᠶᠢᠨ ᠬᠤᠯᠪᠣᠭᠠᠯᠠᠨ ᠡᠵᠡᠩᠨᠡᠬᠦ ᠶᠢ ᠢᠳᠡᠪᠬᠢᠲᠡᠢ ᠠᠬᠢᠭᠤᠯᠵᠤ᠂ ᠲᠡᠦᠬᠡᠨ ᠦᠯᠡᠳᠡᠭᠳᠡᠯ ᠠᠰᠠᠭᠤᠳᠠᠯ ᠢ ᠲᠦᠷᠭᠡᠳᠬᠡᠨ ᠰᠢᠢᠳᠪᠦᠷᠢᠯᠡᠨ᠎ᠡ ᠭᠡᠵᠦ ᠢᠯᠡᠳᠬᠡᠪᠡ᠃

      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠰᠢᠨ ᠠᠭᠤᠯᠵᠠᠯᠲᠠ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ