ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠠᠵᠤ ᠠᠬᠤᠢ ᠶᠢᠨ ᠡᠷᠬᠢᠯᠳᠡ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/9/29

      9 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠣᠷᠣᠨ ᠤ ᠠᠵᠤ ᠠᠬᠤᠢ ᠶᠢᠨ ᠡᠷᠬᠢᠯᠳᠡ ᠪᠣᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠶᠡᠭᠡ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃
      ᠬᠤᠷᠠᠯ ᠠᠴᠠ᠂ ᠡᠨᠡ ᠵᠢᠯ ᠠᠴᠠ ᠨᠠᠭᠠᠰᠢ ᠣᠷᠣᠨ ᠳᠠᠶᠠᠭᠠᠷ ᠨᠠᠮ ᠤᠨ ᠲᠥᠪ ᠬᠤᠷᠢᠶᠠᠨ ᠤ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠪᠣᠳᠠᠲᠠᠢ ᠠᠴᠠ ᠡᠭᠦᠰᠦᠨ ᠪᠦᠲᠦᠭᠡᠯᠴᠢ ᠴᠢᠨᠠᠷᠲᠠᠢ ᠪᠠᠷ ᠠᠵᠢᠯ ᠢᠶᠠᠨ ᠥᠷᠨᠢᠭᠦᠯᠵᠦ᠂ ᠠᠵᠤ ᠠᠬᠤᠢ ᠶᠢᠨ ᠡᠷᠬᠢᠯᠳᠡ ᠶᠡᠷᠦᠩᠬᠡᠢ ᠳᠡᠭᠡᠨ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠢᠯᠡᠷᠡᠵᠡᠢ ᠭᠡᠵᠦ ᠵᠢᠭᠠᠵᠤ ᠭᠠᠷᠭᠠᠪᠠ᠃ ᠬᠤᠷᠠᠯ ᠠᠴᠠ᠂ ᠣᠳᠣᠬᠠᠨ ᠳᠤ ᠮᠠᠨ ᠤ ᠣᠷᠣᠨ ᠠᠵᠤ ᠠᠬᠤᠶ ᠮᠠᠭᠤᠳᠠᠬᠤ ᠳᠠᠷᠤᠯᠲᠠ ᠳᠤ ᠲᠤᠯᠭᠠᠷᠠᠵᠤ᠂ ᠨᠥᠭᠡᠴᠡ ᠲᠥᠷᠥᠯ ᠵᠦᠶᠯ ᠤᠨ ᠲᠤᠭ᠎ᠠ ᠬᠡᠮᠵᠢᠶ᠎ᠡ ᠠᠷᠪᠢᠨ ᠪᠢᠰᠢ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠦᠴᠢᠷᠳᠡᠯ ᠨᠡᠯᠢᠶᠡᠳ ᠣᠯᠠᠨ ᠪᠠᠶᠢᠵᠤ᠂ ᠠᠵᠤ ᠠᠬᠤᠶ ᠶᠢᠨ ᠲᠣᠭᠲᠠᠭᠤᠨ ᠡᠷᠡᠭᠦᠯ ᠬᠥᠭᠵᠢᠯᠲᠡ ᠶᠢ ᠪᠠᠲᠤᠯᠠᠬᠤ᠂ ᠪᠥᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠠᠰᠠ ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ ᠭᠠᠷᠭᠠᠬᠤ ᠴᠢᠬᠤᠯᠠᠲᠠᠶ ᠪᠠᠶᠢᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠤᠷᠢᠭ᠎ᠠ ᠱᠤᠭᠤᠮ ᠤᠨ ᠰᠡᠳᠭᠢᠬᠦᠶ ᠶᠢ ᠪᠠᠲᠤ ᠪᠣᠶ ᠪᠣᠯᠭᠠᠵᠤ᠂ ᠬᠤᠪᠢᠷᠠᠯᠳᠠ ᠶᠢᠨ ᠡᠯᠧᠮᠧᠨ᠋ᠲ ᠢ ᠣᠯᠵᠤ ᠬᠠᠷᠠᠨ᠂ ᠵᠥᠷᠢᠶ᠎ᠡ ᠶᠢ ᠣᠯᠵᠤ ᠬᠠᠷᠠᠨ᠂ ᠬᠠᠷᠠᠯᠲᠠ ᠪᠠᠨ ᠡᠵᠡᠮᠳᠡᠵᠦ᠂ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠳᠥᠷᠪᠡᠳᠦᠭᠡᠷ ᠤᠯᠠᠷᠢᠯ ᠤᠨ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠥᠬᠦ ᠬᠦᠴᠦᠨ ᠢᠶᠠᠷ ᠢᠶᠠᠨ ᠰᠡᠭᠦᠯ ᠬᠤᠷᠢᠶᠠᠬᠤ ᠠᠵᠢᠯ ᠢ ᠰᠠᠶᠢᠳᠤᠷ ᠬᠢᠵᠦ᠂ ᠰᠠᠶᠢᠨ ᠡᠬᠢᠯᠡᠯᠲᠡ ᠶᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
      ᠬᠤᠷᠠᠯ ᠠᠴᠠ᠂ ᠲᠥᠷᠥ ᠶᠢᠨ ᠶᠠᠪᠤᠳᠠᠯ ᠤᠨ ᠬᠤᠷᠢᠶᠠᠨ ᠤ ᠶᠢᠰᠦᠳᠦᠭᠡᠷ ᠤᠳᠠᠭ᠎ᠠ ᠶᠢᠨ ᠶᠡᠭᠡ ᠱᠠᠯᠠᠪᠳᠠᠭᠤᠯᠤᠨ ᠪᠠᠶᠢᠴᠠᠭᠠᠯᠲᠠ ᠪᠣᠯ ᠮᠠᠨ ᠤ ᠣᠷᠣᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠲᠤᠬᠠᠶ ᠤᠯᠤᠰ ᠲᠥᠷᠥ ᠶᠢᠨ ᠪᠠᠶᠢᠴᠠᠭᠠᠯᠲᠠ ᠪᠣᠯᠤᠨ᠎ᠠ᠂ ᠪᠠᠰᠠ ᠴᠤ ᠮᠠᠨ ᠤ ᠣᠷᠣᠨ ᠤ ᠡᠯ᠎ᠡ ᠲᠠᠯ᠎ᠠ ᠶᠢᠨ ᠠᠵᠢᠯ ᠤᠨᠴᠠᠭᠠᠶᠢᠯᠠᠨ ᠠᠵᠤ ᠠᠬᠤᠶ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠠᠯᠢ ᠤᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠲᠤᠬᠠᠶ ᠪᠥᠬᠦ ᠲᠠᠯ᠎ᠠ ᠶᠢᠨ ᠪᠠᠶᠢᠴᠠᠭᠠᠯᠲᠠ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠲᠠᠯ᠎ᠠ ᠠᠴᠠ ᠦᠵᠡᠬᠦ᠂ ᠤᠯᠤᠰ ᠲᠥᠷᠥ ᠶᠢᠨ ᠲᠠᠯ᠎ᠠ ᠠᠴᠠ ᠬᠢᠬᠦ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠮᠥᠷᠳᠡᠨ ᠱᠠᠯᠠᠪᠳᠠᠭᠤᠯᠤᠨ ᠭᠦᠶᠴᠡᠳᠭᠡᠬᠦ ᠶᠢ ᠴᠢᠩᠭᠠᠳᠬᠠᠵᠤ᠂ ᠬᠠᠲᠠᠭᠤ ᠲᠠᠢ ᠨᠢ ᠬᠠᠯᠳᠠᠵᠤ᠂ ᠬᠠᠷᠢᠭᠤ ᠲᠤᠰᠬᠠᠭᠰᠠᠨ ᠰᠠᠨᠠᠯ ᠢ ᠦᠨᠳᠦᠰᠦᠯᠡᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠶ ᠭᠡᠵᠦ ᠴᠢᠬᠤᠯᠠᠴᠢᠯᠠᠪᠠ᠃
      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ