ᠸᠠᠩ ᠯᠢ ᠰᠢᠶᠠ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠪᠦᠬᠦ ᠣᠷᠣᠨ ᠤ ᠲᠤᠨᠤᠮᠠᠯ ᠪᠡᠯᠡ ᠮᠥᠩᠭᠦ ᠶᠢ ᠲᠤᠶᠢᠯᠪᠤᠷᠢᠲᠠᠢ ᠪᠠᠶᠢᠴᠠᠭᠠᠬᠤ ᠪᠤᠯᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠭᠡᠷ ᠬᠥᠷᠥᠩᠭᠡ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠰᠢᠶᠳᠪᠦᠷᠢᠯᠡᠬᠦ ᠵᠡᠷᠭᠡ ᠵᠦᠢᠯᠡᠰ ᠢ ᠰᠤᠳᠤᠯᠪᠠ
ᠨᠡᠶᠢᠲᠡᠯᠡᠭᠰᠡᠨ ᠴᠠᠭ᠄
2022/9/6

      8 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠣᠷᠣᠨ ᠤ ᠲᠤᠨᠤᠮᠠᠯ ᠪᠡᠯᠡ ᠮᠥᠩᠭᠦ ᠶᠢ ᠲᠤᠶᠢᠯᠪᠤᠷᠢᠲᠠᠢ ᠪᠠᠶᠢᠴᠠᠭᠠᠬᠤ ᠪᠠ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠭᠡᠷ ᠬᠦᠷᠦᠩᠭᠡ ᠶᠢᠨ ᠭᠤᠣᠯᠳᠠᠯᠭ᠎ᠠ ᠲᠠᠢ ᠲᠦᠷᠦᠯ ᠵᠦᠢᠯ ᠢ ᠰᠢᠢᠳᠪᠦᠷᠢᠯᠡᠬᠦ ᠵᠡᠷᠭᠡ ᠵᠦᠢᠯᠡᠰ ᠢ ᠰᠤᠳᠤᠯᠪᠠ᠃
      ᠸᠠᠩ ᠯᠢ ᠰᠢᠶᠠ᠂ ᠪᠦᠬᠦ ᠣᠷᠣᠨ ᠤ ᠲᠤᠨᠤᠮᠠᠯ ᠪᠡᠯᠡ ᠮᠥᠩᠭᠦ ᠶᠢ ᠲᠤᠶᠢᠯᠪᠤᠷᠢᠲᠠᠢ ᠪᠠᠶᠢᠴᠠᠭᠠᠬᠤ ᠪᠠ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠭᠡᠷ ᠬᠦᠷᠦᠩᠭᠡ ᠶᠢᠨ ᠭᠤᠣᠯᠳᠠᠯᠭ᠎ᠠ ᠲᠠᠢ ᠲᠦᠷᠦᠯ ᠵᠦᠢᠯ ᠢ ᠰᠢᠢᠳᠪᠦᠷᠢᠯᠡᠬᠦ ᠶᠢ ᠠᠬᠢᠭᠤᠯᠬᠤ ᠶᠢᠨ ᠭᠤᠣᠯ ᠵᠣᠷᠢᠯᠭ᠎ᠠ ᠨᠢ ᠳᠠᠷᠤᠭᠳᠠᠵᠤ ᠪᠠᠶᠢᠭ᠎ᠠ ᠡᠳ᠋ ᠬᠦᠷᠦᠩᠭᠡ ᠶᠢ ︽ᠠᠮᠢᠯᠠᠭᠤᠯᠵᠤ︾᠂ ᠵᠤᠭᠰᠤᠩᠭᠢᠷᠠᠵᠤ ᠪᠠᠶᠢᠭ᠎ᠠ ᠪᠡᠯᠡ ᠮᠥᠩᠭᠦ ᠶᠢ ︽ᠭᠦᠶᠦᠯᠭᠡᠵᠦ︾᠂ ᠡᠬᠢ ᠪᠠᠶᠠᠯᠢᠭ ᠢ ᠠᠰᠢᠭᠯᠠᠭᠰᠠᠨ ᠦᠷ᠎ᠡ ᠪᠦᠲᠦᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠶᠢᠨ ᠲᠥᠯᠥᠭᠡ ᠶᠤᠮ᠂ ᠡᠷᠬᠡᠪᠰᠢ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠱᠠᠯᠠᠪᠳᠠᠨ ᠲᠦᠷᠭᠡᠨ ᠰᠢᠢᠳᠪᠦᠷᠢᠯᠡᠵᠦ᠂ ᠨᠠᠷᠢᠯᠢᠭ ᠤᠨᠤᠪᠴᠢᠲᠠᠢ ᠠᠮᠢᠳᠤᠯᠢᠭᠵᠢᠭᠤᠯᠵᠤ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠰᠠᠭᠤᠷᠢ ᠲᠤᠭ᠎ᠠ ᠶᠢ ᠲᠦᠷᠭᠡᠨ ᠪᠥᠭᠡᠳ ᠣᠨᠣᠪᠴᠢᠲᠠᠶ ᠣᠶᠢᠯᠠᠭᠠᠵᠤ᠂ ᠡᠬᠡ ᠲᠠᠩᠰᠠ ᠶᠢ ᠰᠠᠶᠢᠲᠤᠷ ᠪᠠᠶᠢᠭᠤᠯᠵᠤ᠂ ︽ᠰᠤᠯᠠ︾ ᠡᠳ᠋ ᠬᠥᠷᠥᠩᠭᠡ ᠶᠢ

︽ᠠᠮᠢᠳᠤᠯᠢᠭ︾ ᠬᠥᠷᠥᠩᠭᠡ ᠪᠣᠯᠭᠠᠨ ᠬᠤᠪᠢᠷᠠᠭᠤᠯᠵᠤ᠂ ︽ᠳᠠᠷᠤᠭᠠᠰᠤ︾ ᠶᠢ ᠬᠥᠭᠵᠢᠯᠲᠡ ᠶᠢᠨ ︽ᠡᠬᠡ ᠮᠥᠩᠭᠦ︾ ᠪᠣᠯᠭᠠᠨ ᠬᠤᠪᠢᠷᠠᠭᠤᠯᠬᠤ ᠬᠡᠷᠡᠭᠲᠡᠶ᠃ ᠭᠠᠷ ᠳᠠᠮᠵᠢᠪᠠᠯ ᠳᠠᠷᠤᠢ ᠬᠠᠷᠢᠭᠤᠴᠠᠯᠭ᠎ᠠ ᠪᠣᠯᠬᠤ ᠶᠢ ᠪᠠᠷᠢᠮᠲᠠᠯᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠵᠦ᠂ ᠨᠢᠭᠲᠠ ᠬᠠᠮᠵᠢᠯᠴᠠᠵᠤ᠂ ᠨᠠᠷᠢᠨ ᠬᠢᠨᠠᠮᠠᠭᠠᠢ ᠪᠠᠶᠢᠵᠤ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠴᠠᠭ ᠤᠨ ᠠᠬᠢᠴᠠ ᠶᠢ ᠲᠦᠷᠭᠡᠳᠭᠡᠵᠦ᠂ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠡᠳ᠋ ᠤᠨ ᠵᠠᠰᠠᠭ ᠤᠨ ᠪᠡᠯᠡ ᠮᠥᠩᠭᠦ‍ ᠨᠢᠭᠡ ᠪᠦᠷᠢ ᠶᠢ ᠴᠥᠮ ᠴᠢᠬᠤᠯᠠᠲᠠᠢ ᠭᠠᠵᠠᠷ ᠲᠤᠨᠢ ᠬᠡᠷᠡᠭᠯᠡᠵᠦ᠂ ᠪᠤᠢ ᠪᠦᠬᠦᠢ ᠡᠬᠢ ᠪᠠᠶᠠᠯᠢᠭ ᠢ ᠬᠥᠭᠵᠢᠯᠲᠡ ᠶᠢᠨ ᠴᠢᠬᠤᠯᠠ ᠭᠠᠵᠠᠷ᠂ ᠠᠷᠠᠳ ᠤᠨ ᠠᠮᠢᠳᠤᠷᠠᠯ ᠤᠨ ᠪᠠᠴᠢᠮ ᠬᠡᠷᠡᠭᠴᠡᠭᠡ ᠳᠤ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠬᠡᠯᠡᠪᠡ᠃
      ᠬᠤᠷᠠᠯ ᠠᠴᠠ ᠪᠠᠰᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠰᠢᠯᠭᠠᠨ ᠦᠨᠡᠯᠡᠬᠦ ᠵᠡᠷᠭᠡ ᠵᠦᠢᠯᠡᠰ ᠢ ᠰᠤᠳᠤᠯᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ