ᠮᠠᠨ ᠤ ᠣᠷᠣᠨ ᠤ 9 ᠳ᠋ᠦ᠋ᠭᠡᠷ ᠰᠠᠷ᠎ᠠ ᠶᠢᠨ 7 ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/9/8


      9 ᠳ᠋ᠦ᠋ᠭᠡᠷ ᠰᠠᠷ᠎ᠠ ᠶᠢᠨ 7 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 67 ᠨᠡᠮᠡᠭᠳᠡᠪᠡ᠂ ᠡᠭᠦᠨ ᠳᠤ ᠤᠯᠠᠭᠠᠨᠬᠠᠳᠠ ᠬᠤᠲᠠᠨ ᠳᠤ 62 ︵ᠬᠤᠩᠱᠠᠨ ᠲᠣᠭᠤᠷᠢᠭ ᠲᠤ 1᠂ ᠰᠦᠩᠱᠠᠨ ᠲᠣᠭᠤᠷᠢᠭ ᠲᠤ 36᠂ ᠣᠩᠨᠢᠭᠤᠳ ᠬᠤᠰᠢᠭᠤᠨ ᠳᠤ 25 ᠪᠤᠢ᠂ ᠪᠦᠬᠦᠨ ᠢ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠵᠠᠢ︔ ᠡᠭᠦᠨ ᠳᠤ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠤᠯᠠᠭᠰᠠᠨ ᠡᠪᠡᠳᠴᠢᠨ ᠤ ᠵᠢᠱᠢᠶ᠎ᠡ ᠪᠣᠯᠤᠭᠰᠠᠨ 2 ᠡᠪᠡᠳᠴᠢᠲᠡᠨ ᠢ ᠪᠠᠭᠲᠠᠭᠠᠨ᠎ᠠ︶᠂ ᠰᠢᠯᠢ ᠶᠢᠨ ᠭᠤᠣᠯ ᠠᠶᠢᠮᠠᠭ ᠲᠤ 5 ︵ᠴᠥᠮ ᠰᠢᠯᠢ ᠶᠢᠨ ᠬᠤᠲᠠ ᠳᠤ ᠪᠤᠢ᠂ ᠡᠭᠦᠨ ᠳᠤ 3 ᠶᠢ ᠲᠤᠰᠠᠭᠠᠷᠯᠠᠬᠤ ᠴᠡᠭ ᠠᠴᠠ᠂ 1 ᠶᠢ ᠭᠡᠷ ᠲᠤ ᠪᠠᠨ ᠲᠤᠰᠠᠭᠠᠷᠯᠠᠭᠴᠢᠳ ᠠᠴᠠ᠂ 1 ᠶᠢ ᠨᠢᠭᠲᠠ ᠣᠶᠢᠷᠠᠲᠤᠭᠴᠢᠳ ᠠᠴᠠ ᠪᠠᠶᠢᠴᠠᠭᠠᠨ ᠭᠠᠷᠭᠠᠵᠠᠢ︶︔ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 63 ᠨᠡᠮᠡᠭᠳᠡᠪᠡ᠂ ᠡᠭᠦᠨ ᠳᠤ ᠤᠯᠠᠭᠠᠨᠬᠠᠳᠠ ᠬᠤᠲᠠ ᠳᠤ 53 ︵ᠰᠦᠩᠱᠠᠨ ᠲᠣᠭᠤᠷᠢᠭ ᠲᠤ 16᠂ ᠣᠩᠨᠢᠭᠤᠳ ᠬᠤᠰᠢᠭᠤᠨ ᠳᠤ 37 ᠪᠤᠢ᠂ ᠴᠥᠮ ᠲᠤᠰᠠᠭᠠᠷᠯᠠᠬᠤ ᠴᠡᠭ ᠠᠴᠠ ᠪᠠᠶᠢᠴᠠᠭᠠᠨ ᠭᠠᠷᠭᠠᠵᠠᠢ︶᠂ ᠰᠢᠯᠢ ᠶᠢᠨ ᠭᠤᠣᠯ ᠠᠶᠢᠮᠠᠭ ᠲᠤ 10 ︵ᠴᠥᠮ ᠰᠢᠯᠢ ᠶᠢᠨ ᠬᠤᠲᠠ ᠳᠤ ᠪᠤᠢ᠂ ᠡᠭᠦᠨ ᠳᠤ 6 ᠶᠢ ᠲᠤᠰᠠᠭᠠᠷᠯᠠᠬᠤ ᠴᠡᠭ ᠠᠴᠠ᠂ 2 ᠢ ᠨᠢᠭᠲᠠ ᠣᠶᠢᠷᠠᠲᠤᠭᠴᠢᠳ ᠠᠴᠠ᠂ 2 ᠢ ᠭᠡᠷ ᠲᠤ ᠪᠠᠨ ᠲᠤᠰᠠᠭᠠᠷᠯᠠᠭᠴᠢᠳ ᠠᠴᠠ ᠪᠠᠶᠢᠴᠠᠭᠠᠨ ᠭᠠᠷᠭᠠᠵᠠᠢ︶᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 1 ᠨᠡᠮᠡᠭᠳᠡᠵᠡᠢ᠂ ᠲᠡᠷᠡ ᠨᠢ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠴᠢ ᠪᠣᠯᠤᠨ᠎ᠠ᠃ ᠲᠤᠬᠠᠢ ᠶᠢᠨ ᠭᠠᠵᠠᠷ ᠤᠨ ᠲᠣᠳᠤᠯᠠᠭᠰᠠᠨ 4 ᠡᠪᠡᠳᠴᠢᠨ ᠤ ᠵᠢᠱᠢᠶ᠎ᠡ ᠡᠷᠡᠭᠦᠯᠵᠢᠵᠦ ᠡᠮᠨᠡᠯᠭᠡ ᠠᠴᠠ ᠭᠠᠷᠪᠠ᠂ ᠡᠭᠦᠨ ᠳᠤ ᠬᠥᠬᠡᠬᠤᠲᠠ ᠳᠤ 1 ︵ᠬᠦᠷᠦᠭᠰᠡᠨ ᠭᠠᠵᠠᠷ ᠲᠤ ᠪᠠᠨ ᠬᠢᠭᠰᠡᠨ ᠪᠠᠶᠢᠴᠠᠭᠠᠯᠲᠠ ᠪᠠᠷ ᠪᠠᠶᠢᠴᠠᠭᠠᠨ ᠲᠤᠳᠤᠯᠠᠭᠰᠠᠨ ᠡᠪᠡᠳᠴᠢᠨ ᠤ ᠵᠢᠱᠢᠶ᠎ᠡ ᠲᠠᠢ ᠨᠢᠭᠲᠠ ᠣᠶᠢᠷᠠᠲᠤᠭᠴᠢ︶᠂ ᠣᠷᠳᠤᠰ ᠬᠤᠲᠠ ᠳᠤ 2 ︵ᠵᠡᠭᠦᠨᠭᠠᠷ ᠬᠤᠰᠢᠭᠤᠨ ᠳᠤ 1᠂ ᠡᠵᠡᠨ ᠬᠤᠷᠤᠭ᠎ᠠ ᠬᠤᠰᠢᠭᠤᠨ ᠳᠤ 1︶᠂ ᠰᠢᠯᠢ ᠶᠢᠨ ᠭᠤᠣᠯ ᠠᠶᠢᠮᠠᠭ ᠲᠤ 1 ︵ᠡᠷᠢᠶᠡᠨ ᠬᠤᠲᠠᠨ ᠳᠤ︶ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 5 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠬᠥᠬᠡᠬᠤᠲᠠ ᠳᠤ 1 ︵ᠬᠦᠷᠦᠭᠰᠡᠨ ᠭᠠᠵᠠᠷ ᠲᠤ ᠪᠠᠨ ᠬᠢᠭᠰᠡᠨ ᠪᠠᠶᠢᠴᠠᠭᠠᠯᠲᠠ ᠪᠠᠷ ᠪᠠᠶᠢᠴᠠᠭᠠᠨ ᠢᠯᠡᠷᠡᠭᠦᠯᠵᠡᠢ︶᠂ ᠰᠢᠯᠢ ᠶᠢᠨ ᠭᠤᠣᠯ ᠠᠶᠢᠮᠠᠭ ᠲᠤ 3 ︵ᠴᠥᠮ ᠡᠷᠢᠶᠡᠨ ᠬᠤᠲᠠᠨ ᠳᠤ︶᠂ ᠠᠯᠠᠱᠠ ᠠᠶᠢᠮᠠᠭ ᠲᠤ 1 ︵ᠠᠯᠠᠱᠠ ᠵᠡᠭᠦᠨ ᠬᠤᠰᠢᠭᠤᠨ ᠳᠤ︶ ᠪᠤᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ 8 ᠲᠣᠳᠤᠯᠠᠭᠰᠠᠨ ᠡᠪᠡᠳᠴᠢᠨ ᠤ ᠵᠢᠱᠢᠶ᠎ᠡ ᠡᠷᠡᠭᠦᠯᠵᠢᠵᠦ ᠡᠮᠨᠡᠯᠭᠡ ᠠᠴᠠ ᠭᠠᠷᠴᠤ᠂ 3 ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠵᠠᠢ᠂ ᠲᠡᠳᠡᠭᠡᠷ ᠨᠢ ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠳ ᠪᠣᠯᠤᠨ᠎ᠠ᠃
      9 ᠳ᠋ᠦ᠋ᠭᠡᠷ ᠰᠠᠷ᠎ᠠ ᠶᠢᠨ 7 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 213 ᠪᠠᠶᠢᠵᠤ᠂ ᠡᠭᠦᠨ ᠳᠤ ᠬᠦᠬᠡᠬᠤᠳᠠ ᠳᠤ 4 ︵ᠴᠥᠮ ᠬᠦᠷᠦᠭᠰᠡᠨ ᠭᠠᠵᠠᠷ ᠲᠤ ᠪᠠᠨ ᠬᠢᠭᠰᠡᠨ ᠪᠠᠶᠢᠴᠠᠭᠠᠯᠲᠠ ᠪᠠᠷ ᠪᠠᠶᠢᠴᠠᠭᠠᠨ ᠲᠤᠳᠤᠯᠠᠭᠰᠠᠨ ᠡᠪᠡᠳᠴᠢᠨ ᠤ ᠵᠢᠱᠢᠶ᠎ᠡ ᠪᠠ ᠲᠡᠳᠡᠨᠦᠰ ᠲᠠᠢ ᠨᠢᠭᠲᠠ ᠣᠶᠢᠷᠠᠲᠤᠭᠰᠠᠳ︶᠂ ᠬᠦᠯᠦᠨ ᠪᠣᠶᠢᠷ ᠬᠤᠲᠠ ᠳᠤ 7 ︵ᠴᠥᠮ ᠮᠠᠨᠵᠤᠤᠷ ᠬᠤᠲᠠ ᠳᠤ︶᠂ ᠤᠯᠠᠭᠠᠨᠬᠠᠳᠠ ᠬᠤᠲᠠ ᠳᠤ 169 ︵ᠬᠤᠩᠱᠠᠨ ᠲᠣᠭᠤᠷᠢᠭ ᠲᠤ 4᠂ ᠰᠦᠩᠱᠠᠨ ᠲᠤᠭᠤᠷᠢᠭ ᠲᠤ 51᠂ ᠣᠩᠨᠢᠭᠤᠳ ᠬᠤᠰᠢᠭᠤᠨ ᠳᠤ 114︶᠂ ᠰᠢᠯᠢ ᠶᠢᠨ ᠭᠤᠣᠯ ᠠᠶᠢᠮᠠᠭ ᠲᠤ 30 ︵ᠰᠢᠯᠢ ᠶᠢᠨ ᠬᠤᠲᠠ ᠳᠤ 11᠂ ᠡᠷᠢᠶᠡᠨ ᠬᠤᠲᠠ ᠳᠤ 19︶᠂ ᠤᠷᠳᠤᠰ ᠬᠤᠲᠠ ᠳᠤ 3 ︵ᠴᠥᠮ  ᠡᠵᠡᠨ ᠬᠤᠷᠤᠭ᠎ᠠ ᠬᠤᠰᠢᠭᠤᠨ ᠳᠤ︶ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 253 ᠪᠠᠶᠢᠨ᠎ᠠ᠂ ᠡᠭᠦᠨ ᠳᠤ ᠬᠥᠬᠡᠬᠤᠲᠠ ᠳᠤ 4

︵ᠴᠥᠮ ᠬᠦᠷᠦᠭᠰᠡᠨ ᠭᠠᠵᠠᠷ ᠲᠤ ᠪᠠᠨ ᠬᠢᠭᠰᠡᠨ ᠪᠠᠶᠢᠴᠠᠭᠠᠯᠲᠠ ᠪᠠᠷ ᠪᠠᠶᠢᠴᠠᠭᠠᠨ ᠲᠤᠳᠤᠯᠠᠭᠰᠠᠨ ᠡᠪᠡᠳᠴᠢᠨ ᠤ ᠵᠢᠱᠢᠶ᠎ᠡ ᠪᠠ ᠲᠡᠳᠡᠨᠦᠰ ᠲᠠᠢ ᠨᠢᠭᠲᠠ

ᠣᠶᠢᠷᠠᠲᠤᠭᠰᠠᠳ︶᠂ ᠤᠯᠠᠭᠠᠨᠬᠠᠳᠠ ᠬᠤᠲᠠ ᠳᠤ 190 ︵ᠬᠤᠩᠱᠠᠨ ᠲᠣᠭᠤᠷᠢᠭ ᠲᠤ 1᠂ ᠰᠦᠩᠱᠠᠨ ᠲᠤᠭᠤᠷᠢᠭ ᠲᠤ 17᠂ ᠣᠩᠨᠢᠭᠤᠳ ᠬᠤᠰᠢᠭᠤᠨ ᠳᠤ 172︶᠂ ᠰᠢᠯᠢ ᠶᠢᠨ ᠭᠤᠣᠯ ᠠᠶᠢᠮᠠᠭ ᠲᠤ 61 ︵ᠰᠢᠯᠢ ᠶᠢᠨ ᠬᠤᠲᠠ ᠳᠤ 27᠂ ᠡᠷᠢᠶᠡᠨ ᠬᠤᠲᠠ ᠳᠤ 34︶ ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠤᠳᠤᠯᠠᠭᠰᠠᠨ ᠡᠪᠡᠳᠴᠢᠨ ᠤ ᠵᠢᠱᠢᠶ᠎ᠡ 8᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 5 ᠪᠠᠶᠢᠵᠤ᠂ ᠴᠦᠮ ᠬᠦᠬᠡᠬᠤᠳᠠ ᠳᠤ ᠪᠤᠢ᠃ ᠪᠦᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃


 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ