|
ᠸᠠᠩ ᠯᠢ ᠰᠢᠶᠠ ᠪᠦᠭᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠸᠢᠳᠢᠤ᠋ ᠬᠤᠷᠠᠯ ᠢ ᠡᠷᠭᠢᠯᠡᠨ ᠬᠤᠷᠠᠯᠳᠤᠭᠤᠯᠪᠠ |
|
|
ᠨᠡᠶᠢᠲᠡᠯᠡᠭᠰᠡᠨ ᠴᠠᠭ᠄
2023/1/10
|
|
1 ᠰᠠᠷ᠎ᠠ ᠶᠢᠨ 6 ᠤ ᠡᠳᠦᠷ᠂ ᠸᠠᠩ ᠯᠢ ᠰᠢᠶᠠ ᠪᠦᠭᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠸᠢᠳᠢᠤ᠋ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠰᠢᠨ᠎ᠡ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠣᠳᠠᠲᠠᠢ ᠲᠣᠬᠢᠷᠠᠭᠤᠯᠤᠯᠲᠠ ᠬᠢᠪᠡ᠃ ᠸᠠᠩ ᠯᠢ ᠰᠢᠶᠠ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠰᠢᠨ᠎ᠡ ᠱᠠᠲᠤᠨ ᠳᠤ ᠣᠷᠣᠪᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠨᠢᠭᠡᠳᠬᠡᠵᠦ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠨᠢᠭᠡᠳᠬᠡᠵᠦ᠂ ᠠᠷᠪᠠᠳᠤᠭᠠᠷ ᠬᠡᠪᠯᠡᠯ ᠤᠨ ᠣᠨᠣᠰᠢᠯᠠᠨ ᠡᠮᠨᠡᠭᠦ ᠲᠥᠰᠥᠯ ᠤᠨ ᠱᠠᠭᠠᠷᠳᠠᠯᠭ᠎ᠠ ᠶᠣᠰᠣᠭᠠᠷ᠂ ᠡᠷᠡᠭᠦᠯ ᠮᠡᠨᠳᠦ ᠶᠢ ᠪᠠᠲᠤᠯᠠᠬᠤ᠂ ᠬᠦᠨᠳᠦ ᠡᠪᠡᠳᠴᠢᠨ ᠢ ᠰᠡᠷᠭᠡᠶᠢᠯᠡᠬᠦ ᠶᠢ ᠲᠤᠪᠤᠶᠢᠯᠭᠠᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠣᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠬᠤ ᠬᠡᠷᠡᠭᠲᠡᠢ᠃ ᠨᠢᠭᠡ ᠳᠤ ᠬᠤᠲᠠ ᠶᠢᠨ ᠬᠢᠨ ᠡᠮ ᠪᠠᠶᠢᠬᠤ᠂ ᠡᠮᠴᠢ ᠪᠠᠶᠢᠬᠤ᠂ ᠡᠮᠨᠡᠨ ᠠᠪᠤᠷᠠᠵᠤ ᠳᠡᠶᠢᠯᠭᠦ ᠶᠢ ᠪᠡᠶᠡᠯᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠭᠦ᠂ ᠲᠥᠷᠥᠯ ᠬᠤᠪᠢᠶᠠᠨ ᠠᠪᠤᠷᠠᠨ ᠡᠮᠨᠡᠭᠦ ᠶᠢ ᠢᠳᠡᠪᠬᠢᠲᠡᠢ ᠠᠬᠢᠭᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠭᠦ ᠬᠡᠷᠡᠭᠴᠡᠭᠡ ᠶᠢ ᠴᠢᠷᠮᠠᠶᠢᠨ ᠬᠠᠩᠭᠠᠬᠤ ᠬᠡᠷᠡᠭᠲᠡᠢ᠃ ᠬᠤᠶᠠᠷ ᠲᠤ ᠬᠥᠳᠡᠭᠡ ᠲᠣᠰᠬᠤᠨ ᠤ ᠬᠢᠨ ᠡᠮ ᠪᠠᠶᠢᠬᠤ᠂ ᠬᠥᠮᠥᠨ ᠪᠠᠶᠢᠬᠤ᠂ ᠲᠡᠷᠭᠡ ᠲᠠᠢ ᠪᠠᠶᠢᠬᠤ ᠶᠢ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠰᠢᠯᠵᠢᠭᠦᠯᠦᠨ ᠵᠥᠭᠡᠭᠡᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠦᠨᠳᠦᠰᠦᠨ ᠱᠠᠲᠤᠨ ᠳᠤ ᠪᠠᠭᠤᠵᠤ ᠵᠢᠯᠤᠭᠤᠳᠬᠤ ᠶᠢ ᠰᠠᠶᠢᠲᠤᠷ ᠠᠳᠬᠤᠵᠤ᠂ ᠪᠠᠴᠢᠮ ᠪᠠᠶᠢᠳᠠᠯ ᠢ ᠠᠷᠭᠠᠴᠠᠭᠠᠬᠤ ᠲᠤᠰᠠᠯᠠᠮᠵᠢ ᠶᠢ ᠰᠠᠶᠢᠲᠤᠷ ᠬᠢᠬᠦ ᠬᠡᠷᠡᠭᠲᠡᠢ᠃ ᠭᠤᠷᠪᠠ ᠳᠤ ᠭᠤᠣᠯᠳᠠᠯᠭ᠎ᠠ ᠲᠠᠢ ᠬᠥᠮᠥᠰ᠂ ᠭᠤᠣᠯᠳᠠᠯᠭ᠎ᠠ ᠲᠠᠢ ᠲᠠᠯᠠᠪᠤᠷ ᠭᠠᠵᠠᠷ ᠢ ᠨᠢᠭᠲᠠ ᠠᠩᠬᠠᠷᠴᠤ᠂ ᠨᠠᠰᠤᠲᠠᠶᠢᠴᠤᠳ᠂ ᠬᠡᠦᠬᠡᠳ᠂ ᠵᠢᠷᠮᠦᠰᠦᠨ ᠡᠮᠡᠭᠲᠡᠢ ᠪᠠ ᠰᠠᠶ᠋ᠢᠬᠠᠨ ᠬᠥᠩᠭᠡᠵᠢᠭᠰᠡᠨ ᠡᠮᠡᠭᠲᠡᠢ᠂ ᠵᠡᠮᠳᠡᠭᠴᠦᠳ᠂ ᠬᠦᠨᠳᠦ ᠨᠣᠴᠢᠲᠠᠢ ᠤᠵᠢᠭ ᠡᠪᠡᠳᠴᠢᠲᠡᠨ ᠤ ᠲᠤᠭ᠎ᠠ ᠬᠡᠮᠵᠢᠶ᠎ᠡ ᠶᠢ ᠣᠶᠢᠯᠠᠭᠠᠵᠤ᠂ ᠨᠠᠰᠤᠲᠠᠨ ᠤ ᠠᠰᠠᠷᠠᠮᠵᠢ ᠶᠢᠨ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ᠂ ᠬᠤᠷᠢᠭᠤᠯ ᠤᠨ ᠭᠠᠵᠠᠷ᠂ ᠰᠤᠷᠭᠠᠭᠤᠯᠢ ᠵᠡᠷᠭᠡ ᠪᠠᠶᠢᠭᠤᠯᠤᠮᠵᠢ ᠶᠢᠨ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠳᠥᠷᠪᠡ ᠳᠤ ᠡᠯ᠎ᠡ ᠱᠠᠲᠤᠨ ᠤ ᠨᠠᠮ ᠵᠠᠰᠠᠭ ᠤᠨ ᠨᠢᠭᠡᠳᠦᠭᠡᠷ ᠬᠠᠷᠢᠭᠤᠴᠠᠯᠭᠠᠲᠠᠨ ᠪᠡᠶ᠎ᠡ ᠪᠠᠷ ᠢᠶᠠᠨ ᠣᠷᠣᠯᠴᠠᠵᠤ᠂ ᠤᠷᠢᠳᠴᠢᠯᠠᠨ ᠵᠢᠯᠤᠭᠤᠳᠴᠤ᠂ ᠲᠣᠰ ᠭᠠᠵᠠᠷ ᠣᠷᠣᠨ ᠤ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠣᠲᠣᠷ᠎ᠠ ᠪᠠᠨ ᠲᠤᠭ᠎ᠠ ᠲᠠᠢ ᠪᠠᠶᠢᠵᠤ᠂ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢᠨ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠲᠠᠪᠤ ᠳᠤ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠲᠤᠰᠢᠶᠠᠯ ᠤᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠵᠢᠷᠭᠤᠭ᠎ᠠ ᠳᠤ ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠨ᠂ ᠨᠡᠶᠢᠭᠡᠮ ᠤᠨ ᠠᠩᠬᠠᠷᠴᠤ ᠪᠠᠶᠢᠭ᠎ᠠ ᠶᠠᠪᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠳᠣᠯᠤᠭ᠎ᠠ ᠳᠤ ᠡᠮᠴᠢ ᠰᠤᠪᠢᠯᠠᠭᠴᠢᠳ ᠢ ᠬᠠᠯᠠᠮᠵᠢᠯᠠᠨ ᠬᠠᠶᠢᠷᠠᠯᠠᠵᠤ᠂ ᠲᠡᠳᠡᠨ ᠤ ᠠᠵᠢᠯᠯᠠᠬᠤ ᠪᠠ ᠠᠮᠠᠷᠠᠬᠤ ᠣᠷᠴᠢᠨ ᠨᠥᠬᠦᠴᠡᠯ ᠢ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠰᠠᠶᠢᠵᠢᠷᠠᠭᠤᠯᠬᠤ ᠬᠡᠷᠡᠭᠲᠡᠢ ᠭᠡᠪᠡ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠳ᠋ᠢᠩ ᠰᠢᠤ ᠹᠧᠩ᠂ ᠬᠤᠸᠠᠩ ᡁᠢ ᠴᠢᠶᠠᠩ᠂ ᠪᠦᠦ ᠰᠢᠶᠠᠨ ᠬᠤᠸᠠ᠂ ᠵᠧᠩ ᠭᠤᠸᠠᠩ ᠵᠤᠤ᠂ ᠶᠣᠣ ᠶᠦᠩ ᠪᠦᠸᠧ ᠬᠤᠷᠠᠯ ᠳᠤ ᠣᠷᠣᠯᠴᠠᠵᠠᠢ᠃ |
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|