ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠯᠡᠳᠬᠡᠯ ᠬᠤᠷᠠᠯ ᠬᠢᠪᠡ  ᠰᠦᠨ ᠱᠣᠣ ᠴᠧᠩ ᠣᠷᠣᠯᠴᠠᠵᠠᠢ
ᠨᠡᠶᠢᠲᠡᠯᠡᠭᠰᠡᠨ ᠴᠠᠭ᠄
2023/1/12

      1 ᠰᠠᠷ᠎ᠠ ᠶᠢᠨ 11᠎ ᠤ ᠦᠳᠡ ᠶᠢᠨ ᠬᠤᠶᠢᠨ᠎ᠠ ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠯᠡᠳᠬᠡᠯ ᠬᠤᠷᠠᠯ ᠬᠢᠪᠡ᠃

 

图一.jpg


      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠦᠨ ᠱᠤᠤ ᠴᠧᠩ ᠬᠤᠷᠠᠯ ᠳᠤ ᠣᠷᠣᠯᠴᠠᠪᠠ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠡᠷᠬᠢᠯᠡᠭᠴᠢ ᠯᠢᠨ ᠱᠣᠸ ᠴᠦᠨ ᠬᠤᠷᠠᠯ ᠢ ᠡᠷᠭᠢᠯᠡᠵᠦ ᠂ ᠳᠡᠳ᠋ ᠡᠷᠬᠢᠯᠡᠭᠴᠢ ᠵᠠᠩ ᠶᠤᠸᠠᠨ ᠵᠥᠩ ᠂ ᠳ᠋ᠤᠸᠠᠨ ᡁᠢ ᠴᠢᠶᠠᠩ ᠂ ᠾᠧ ᠶᠠᠨ ᠯᠢᠩ ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠵᠡᠢ ᠃

图二.jpg

 

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠣᠲᠣ 538 ᠬᠥᠮᠥᠨ ᠪᠣᠢ ᠂ ᠪᠡᠯᠡᠳᠬᠡᠯ ᠬᠤᠷᠠᠯ ᠳᠤ 509 ᠲᠥᠯᠥᠭᠡᠯᠡᠭᠴᠢ ᠣᠷᠣᠯᠴᠠᠵᠤ ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ ᠃

      ᠬᠤᠷᠠᠯ ᠠᠴᠠ ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠡᠯ᠎ᠡ ᠵᠦᠢᠯ ᠤᠨ ᠠᠵᠢᠯ ᠪᠡᠯᠡᠬᠡᠨ ᠪᠣᠯᠵᠤ ᠂ ᠶᠡᠭᠡ ᠬᠤᠷᠠᠯ ᠲᠣᠭᠲᠠᠭᠰᠠᠨ ᠬᠤᠭᠤᠴᠠᠭᠠᠨ ᠳᠠᠭᠠᠨ ᠬᠤᠷᠠᠯᠳᠤᠬᠤ ᠪᠣᠯᠣᠨ᠎ᠠ ᠃ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠣᠯ ᠣᠷᠣᠨ ᠳᠠᠶᠠᠭᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠵᠠᠩᠭᠢᠯᠠᠭ᠎ᠠ ᠶᠢᠨ ᠴᠠᠭ ᠮᠥᠴᠡ ᠳᠤ ᠬᠤᠷᠠᠯᠳᠤᠬᠤ ᠨᠢᠭᠡ ᠤᠳᠠᠭ᠎ᠠ ᠶᠢᠨ ᠮᠠᠰᠢ ᠴᠢᠬᠤᠯᠠ ᠬᠤᠷᠠᠯ ᠪᠠᠶᠢᠵᠤ ᠂ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠯᠤᠰ ᠲᠥᠷᠥ ᠶᠢᠨ ᠠᠮᠢᠳᠤᠷᠠᠯ ᠳᠤᠮᠳᠠᠬᠢ ᠨᠢᠭᠡᠨ ᠲᠣᠮᠣ ᠶᠠᠪᠤᠳᠠᠯ ᠪᠣᠯᠣᠨ᠎ᠠ ᠃ ᠡᠨᠡ ᠤᠳᠠᠭ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠰᠠᠶᠢᠲᠤᠷ ᠬᠤᠷᠠᠯᠳᠤᠭᠤᠯᠬᠤ ᠨᠢ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠵᠣᠷᠢᠭᠵᠢᠭᠤᠯᠤᠨ ᠳᠠᠶᠢᠴᠢᠯᠠᠵᠤ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠰᠢᠨ᠎ᠡ ᠲᠡᠦᠬᠡ ᠶᠢᠨ ᠭᠠᠷᠤᠭ᠎ᠠ ᠳᠠᠭᠡᠷ᠎ᠡ ᠣᠳᠣᠬᠢᠴᠢᠯᠠᠭᠰᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ ᠃

      ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠠᠩᠬᠠᠳᠤᠭᠠᠷ ᠬᠤᠷᠠᠯ  ᠤᠨ ᠵᠢᠯᠤᠭᠤᠳᠬᠤ ᠦᠵᠡᠯ ᠰᠠᠨᠠᠭ᠎ᠠ ᠪᠣᠯ᠄ ︽ᠬᠤᠶᠠᠷ ᠢ ᠲᠣᠭᠲᠠᠭᠠᠭᠰᠠᠨ ︾᠎ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ᠬᠤᠶᠠᠷ ᠢ ᠬᠠᠮᠠᠭᠠᠯᠠᠬᠤ︾᠎ ᠶᠢ ᠨᠡᠩ ᠡᠷᠡᠰ ᠪᠠᠲᠤ ᠤᠬᠠᠮᠰᠠᠷ ᠠᠴᠠ ᠪᠠᠨ ᠪᠡᠶᠡᠯᠡᠭᠦᠯᠵᠦ ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠦ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠵᠦ ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠳᠡᠪᠬᠢᠲᠡᠢ ᠬᠥᠭᠵᠢᠭᠦᠯᠵᠦ ᠂ ᠮᠣᠩᠭᠤᠯ ᠮᠣᠷᠢᠨ ᠤ ᠵᠣᠷᠢᠭ ᠰᠠᠨᠠᠭ᠎ᠠ  ᠶᠢ ᠶᠡᠭᠡ ᠪᠠᠷ ᠪᠠᠳᠠᠷᠠᠭᠤᠯᠵᠤ ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠭᠦᠢᠴᠡᠳᠬᠡᠵᠦ ᠂ ᠶᠡᠷᠦᠩᠬᠡᠢ ᠱᠦᠵᠢ ᠰᠢ ᠶᠢᠨ ᠫᠢᠩ  ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠵᠦ ᠂ 

︽ ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠎ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢᠶᠠᠨ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠵᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠥᠪᠥᠷ ᠮᠣᠩᠭᠤᠯ ᠤᠨ ᠬᠤᠪᠢ ᠨᠡᠮᠡᠷᠢ ᠪᠠᠨ ᠦᠵᠡᠭᠦᠯᠬᠦ ᠪᠣᠯᠣᠨ᠎ᠠ ᠃

      ᠬᠤᠷᠠᠯ ᠠᠴᠠ ᠂ ᠲᠥᠯᠥᠭᠡᠯᠡᠭᠴᠢᠳ ᠶᠡᠭᠡ ᠬᠤᠷᠠᠯ ᠤᠨ ᠵᠢᠯᠤᠭᠤᠳᠬᠤ ᠦᠵᠡᠯ ᠰᠠᠨᠠᠭ᠎ᠠ ᠶᠣᠰᠣᠭᠠᠷ ᠂ ᠦᠵᠡᠯ ᠰᠠᠨᠠᠭ᠎ᠠ ᠪᠣᠯᠣᠨ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠳᠡᠭᠡᠷ᠎ᠡ ᠦᠨᠡᠨ ᠬᠦ ᠨᠢᠭᠡᠳᠬᠡᠵᠦ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠪᠣᠳᠣᠯ ᠢᠶᠠᠷ ᠡᠯ᠎ᠡ ᠵᠦᠢᠯ ᠤᠨ ᠵᠥᠪᠯᠡᠬᠦ ᠰᠡᠳᠦᠪ ᠢ ᠨᠠᠷᠢᠨ ᠬᠢᠨᠠᠮᠠᠭᠠᠢ ᠬᠢᠨᠠᠨ ᠵᠥᠪᠯᠡᠵᠦ ᠂ ᠦᠨᠳᠦᠰᠦᠨ ᠬᠠᠤᠯᠢ ᠪᠣᠯᠣᠨ ᠬᠠᠤᠯᠢ ᠴᠠᠭᠠᠵᠠ ᠎ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠡᠷᠡᠭᠵᠢᠭᠦᠯᠵᠦ ᠂ ᠬᠠᠮᠲᠤ ᠪᠠᠷ ᠴᠢᠷᠮᠠᠶᠢᠵᠤ ᠪᠠᠶᠢᠭᠠᠳ ᠡᠨᠡ ᠤᠳᠠᠭ᠎ᠠ ᠶᠢᠨ ᠬᠤᠷᠠᠯ ᠢ ᠠᠷᠠᠳᠴᠢᠯᠠᠯ ᠲᠠᠢ ᠂ ᠪᠦᠯᠬᠦᠮᠳᠡᠯ ᠲᠠᠢ ᠂ ᠪᠣᠳᠠᠲᠠᠢ ᠶᠢ ᠡᠷᠬᠢᠮᠯᠡᠭᠰᠡᠨ ᠂ ᠡᠷᠡᠯᠬᠡᠭᠯᠡᠨ ᠤᠷᠤᠭᠰᠢᠯᠠᠭᠰᠠᠨ ᠶᠡᠭᠡ ᠬᠤᠷᠠᠯ ᠪᠣᠯᠭᠠᠨ ᠬᠤᠷᠠᠯᠳᠤᠭᠤᠯᠬᠤ ᠬᠡᠷᠡᠭᠲᠡᠢ ᠭᠡᠵᠦ ᠱᠠᠭᠠᠷᠳᠠᠪᠠ ᠃

      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠵᠥᠪᠯᠡᠬᠦ ᠵᠦᠢᠯ ᠢ ᠪᠠᠲᠤᠯᠠᠵᠤ ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠪᠣᠯᠣᠨ ᠨᠠᠷᠢᠨ ᠪᠢᠴᠢᠭ ᠤᠨ ᠳᠠᠷᠤᠭ᠎ᠠ ᠶᠢ ᠰᠣᠩᠭᠤᠨ ᠭᠠᠷᠭᠠᠵᠤ ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠥᠪᠯᠡᠯ ᠤᠨ ᠪᠦᠷᠢᠯᠳᠦᠭᠦᠨ ᠤ ᠨᠡᠷᠡᠰ ᠢ ᠪᠠᠲᠤᠯᠠᠪᠠ᠃

      ᠬᠤᠷᠠᠯ ᠤᠨ ᠳᠠᠷᠠᠭ᠎ᠠ ᠂ ᠪᠦᠬᠦ ᠲᠥᠯᠥᠭᠡᠯᠡᠭᠴᠢᠳ ︽ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠶ᠎ᠠ︾ ᠭᠡᠬᠦ ᠰᠡᠷᠡᠮᠵᠢᠯᠡᠭᠦᠯᠦᠯ ᠬᠥᠮᠦᠵᠢᠯ ᠤᠨ ᠹᠢᠯᠢᠮ ᠢ ᠲᠥᠪᠯᠡᠷᠡᠭᠦᠯᠦᠨ ᠰᠣᠨᠢᠷᠬᠠᠪᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ