1 ᠰᠠᠷ᠎ᠠ ᠶᠢᠨ 11 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠠᠩᠬᠠᠳᠤᠭᠠᠷ ᠤᠳᠠᠭ᠎ᠠ ᠶᠢᠨ ᠬᠤᠷᠠᠯ ᠬᠢᠪᠡ ᠃
ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠦᠷᠢᠯᠳᠦᠭᠦᠨ 71 ᠬᠥᠮᠥᠨ ᠪᠤᠶ ᠂ ᠲᠣᠰ ᠤᠳᠠᠭ᠎ᠠ ᠶᠢᠨ ᠬᠤᠷᠠᠯ ᠳᠤ 64 ᠬᠥᠮᠥᠨ ᠣᠷᠣᠯᠴᠠᠵᠤ ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ ᠃
ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠡᠷᠭᠢᠯᠡᠭᠴᠢ ᠯᠢᠨ ᠱᠤᠤ ᠴᠦᠨ ᠬᠤᠷᠠᠯ ᠢ ᠡᠷᠭᠢᠯᠡᠵᠦ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢᠳ ᠤᠨ ᠨᠡᠷᠡᠰ ︾ ᠢ ᠪᠠᠲᠤᠯᠠᠪᠠ ᠃ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢᠳ ᠪᠣᠯ ᠰᠦᠨ ᠱᠤᠤ ᠴᠧᠩ ᠂ ᠯᠢᠨ ᠱᠤᠤ ᠴᠦᠨ ᠂ ᠵᠠᠩ ᠱᠤᠤ ᠴᠦᠨ ᠂ ᠳ᠋ᠤᠸᠠᠨ ᡁᠢ ᠴᠢᠶᠠᠩ ᠂ ᠠᠢ ᠯᠢ ᠬᠤᠸᠠ ᠂ ᠯᠢ ᠪᠢᠩ ᠷᠦᠩ ᠂ ᠦ᠋ ᠶᠠᠨ ᠭᠠᠩ ᠂ ᠱᠢ ᠸᠧᠨ ᠰᠢᠤᠸᠠᠢ ᠨᠠᠷ ᠪᠣᠯᠣᠨ᠎ᠠ ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠰᠦᠨ ᠱᠤᠤ ᠴᠧᠩ ᠬᠤᠷᠠᠯ ᠢ ᠡᠷᠭᠢᠯᠡᠪᠡ ᠃
ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠡᠳᠦᠷ ᠤᠨ ᠳᠠᠷᠠᠭᠠᠯᠠᠯ ᠂ ᠭᠦᠢᠴᠡᠳᠬᠡᠬᠦ ᠲᠡᠷᠢᠭᠦᠯᠡᠭᠴᠢ ᠶᠢᠨ ᠳᠤᠭᠤᠶᠢᠯᠠᠩ ᠬᠤᠪᠢᠶᠠᠭᠰᠠᠨ ᠨᠡᠷᠡᠰ ᠂ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ᠂ ᠲᠥᠯᠥᠭᠡᠯᠡᠭᠴᠢᠳ ᠤᠨ ᠰᠠᠨᠠᠯ ᠵᠥᠪᠯᠡᠯᠭᠡ ᠳᠤᠷᠠᠳᠬᠤ ᠴᠠᠭ ᠤᠨ ᠬᠢᠵᠠᠭᠠᠷ ᠤᠨ ᠲᠤᠬᠠᠢ ᠲᠣᠭᠲᠠᠭᠠᠯ ᠵᠢᠴᠢ ᠰᠠᠨᠠᠯ ᠵᠥᠪᠯᠡᠯᠭᠡ ᠶᠢ ᠪᠠᠲᠤᠯᠠᠬᠤ ᠠᠷᠭ᠎ᠠ ᠶᠢ ᠪᠠᠲᠤᠯᠠᠪᠠ ᠃ ᠶᠡᠭᠡ ᠬᠤᠷᠠᠯ ᠠᠴᠠ ᠲᠥᠯᠥᠭᠡᠯᠡᠭᠴᠢᠳ ᠤᠨ ᠰᠠᠨᠠᠯ ᠵᠥᠪᠯᠡᠯᠭᠡ ᠳᠤᠷᠠᠳᠬᠤ ᠬᠠᠮᠤᠭ ᠡᠴᠦᠰ ᠤᠨ ᠴᠠᠭ ᠢ 2023 ᠣᠨ ᠤ 1 ᠰᠠᠷ᠎ᠠ ᠶᠢᠨ 13 ᠤ ᠡᠳᠦᠷ ᠤᠨ 12 ᠴᠠᠭ ᠢᠶᠠᠷ ᠲᠣᠭᠲᠠᠭᠠᠪᠠ ᠃
ᠬᠤᠷᠠᠯ ᠠᠴᠠ ᠶᠡᠭᠡ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠵᠧᠦ ᠺᠠᠢ ᠶᠢᠨ ᠬᠢᠭᠰᠡᠨ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ᠶᠢᠨ ᠲᠥᠰᠥᠯ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠴᠤ ᠂ ᠰᠣᠩᠭᠤᠭᠤᠯᠢ ᠶᠢᠨ ᠠᠷᠭ᠎ᠠ ᠶᠢᠨ ᠲᠥᠰᠥᠯ ᠢ ᠪᠠᠲᠤᠯᠠᠪᠠ ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠭᠦᠨ ᠤ ᠣᠷᠣᠨ ᠲᠤᠭ᠎ᠠ ᠶᠢᠨ ᠲᠣᠭᠲᠠᠭᠠᠯ ᠤᠨ ᠲᠥᠰᠥᠯ ᠢ ᠪᠠᠲᠤᠯᠠᠪᠠ ᠃ ᠬᠤᠷᠠᠯ ᠠᠴᠠ ᠵᠧᠦ ᠺᠠᠢ ᠶᠢᠨ ᠬᠢᠭᠰᠡᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠬᠠᠢ ᠵᠥᠪᠯᠡᠯ ᠪᠠᠶᠢᠭᠤᠯᠬᠤ ᠵᠢᠴᠢ ᠲᠡᠭᠦᠨ ᠤ ᠪᠦᠷᠢᠯᠳᠦᠭᠦᠨ ᠤ ᠵᠢᠱᠢᠭᠳᠡᠭᠴᠢ ᠶᠢ ᠪᠠᠲᠤᠯᠠᠬᠤ ᠠᠷᠭ᠎ᠠ ᠪᠣᠯᠣᠨ ᠪᠦᠷᠢᠯᠳᠦᠭᠦᠨ ᠤ ᠨᠡᠷᠡᠰ ᠤᠨ ᠲᠥᠰᠥᠯ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠬᠠᠢ ᠵᠥᠪᠯᠡᠯ ᠪᠠᠶᠢᠭᠤᠯᠬᠤ ᠲᠣᠭᠲᠠᠭᠠᠯ ᠤᠨ ᠲᠥᠰᠥᠯ ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠪᠦᠷᠢᠯᠳᠦᠭᠦᠨ ᠤ ᠵᠢᠱᠢᠭᠳᠡᠭᠴᠢ ᠶᠢ ᠪᠠᠲᠤᠯᠠᠬᠤ ᠠᠷᠭ᠎ᠠ ᠶᠢᠨ ᠲᠥᠰᠥᠯ ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠂ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠵᠥᠪᠯᠡᠯ ᠂ ᠨᠡᠶᠢᠭᠡᠮ ᠤᠨ ᠪᠠᠶᠢᠭᠤᠯᠤᠯᠲᠠ ᠶᠢᠨ ᠵᠥᠪᠯᠡᠯ ᠂ ᠦᠨᠳᠦᠰᠦᠲᠡᠨ ᠬᠠᠷᠢᠶᠠᠲᠤ ᠶᠢᠨ ᠶᠠᠪᠤᠳᠠᠯ ᠭᠠᠳᠠᠭᠠᠳᠤ ᠶᠠᠪᠤᠳᠠᠯ ᠤᠨ ᠵᠥᠪᠯᠡᠯ ᠂ ᠬᠢᠨᠠᠨ ᠪᠠᠶᠢᠴᠠᠭᠠᠬᠤ ᠪᠠ ᠬᠠᠤᠯᠢ ᠴᠠᠭᠠᠵᠠ ᠶᠢᠨ ᠵᠥᠪᠯᠡᠯ ᠂ ᠲᠠᠷᠢᠶᠠᠯᠠᠩ ᠮᠠᠯ ᠠᠵᠤ ᠠᠬᠤᠢ ᠶᠢᠨ ᠵᠥᠪᠯᠡᠯ ᠂ ᠣᠷᠴᠢᠨ ᠲᠣᠭᠤᠷᠢᠨ ᠬᠢᠭᠡᠳ ᠡᠬᠢ ᠪᠠᠶᠠᠯᠢᠭ ᠢ ᠬᠠᠮᠠᠭᠠᠯᠠᠬᠤ ᠵᠥᠪᠯᠡᠯ ᠤᠨ ᠪᠦᠷᠢᠯᠳᠦᠭᠦᠨ ᠤ ᠨᠡᠷᠡᠰ ᠤᠨ ᠲᠥᠰᠥᠯ ᠢ ᠪᠠᠲᠤᠯᠠᠪᠠ ᠃ ᠳᠡᠭᠡᠷᠡᠬᠢ ᠪᠠᠲᠤᠯᠠᠭᠰᠠᠨ ᠲᠣᠭᠲᠠᠭᠠᠯ ᠂ ᠠᠷᠭ᠎ᠠ ᠪᠠ ᠨᠡᠷᠡᠰ ᠤᠨ ᠲᠥᠰᠥᠯ ᠢ ᠪᠦᠭᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠵᠤ ᠬᠢᠨᠠᠨ ᠵᠥᠪᠯᠡᠭᠦᠯᠦᠭᠰᠡᠨ ᠤ ᠳᠠᠷᠠᠭ᠎ᠠ ᠶᠡᠭᠡ ᠬᠤᠷᠠᠯ ᠳᠤ ᠳᠡᠪᠰᠢᠭᠦᠯᠵᠦ ᠪᠠᠲᠤᠯᠠᠭᠤᠯᠬᠤ ᠪᠠᠷ ᠲᠣᠭᠲᠠᠪᠠ ᠃