ᠰᠦᠨ ᠱᠤᠤ ᠴᠧᠩ ᠣᠷᠳᠣᠰ ᠬᠤᠳᠠ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠤᠯᠴᠠᠬᠤ ᠳᠠᠭᠠᠨ ᠬᠡᠯᠡᠭᠰᠡᠨ ᠨᠢ ᠣᠷᠳᠣᠰ ᠬᠤᠳᠠ ᠦᠷᠭᠦᠯᠵᠢᠯᠡᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠭᠤᠣᠯ ᠲᠤᠯᠭᠠᠭᠤᠷᠢ ᠬᠤᠰᠢᠭᠤᠴᠢ ᠴᠡᠷᠢᠭ ᠪᠤᠯᠬᠤ ᠬᠡᠷᠡᠭᠲᠡᠢ
ᠨᠡᠶᠢᠲᠡᠯᠡᠭᠰᠡᠨ ᠴᠠᠭ᠄
2023/1/16

      1 ᠰᠠᠷ᠎ᠠ ᠶᠢᠨ 14 ᠎ ᠤ ᠦᠳᠡ ᠶᠢᠨ ᠬᠤᠶᠢᠨ᠎ᠠ ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠣᠷᠳᠣᠰ ᠬᠤᠲᠠ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠣᠯᠴᠠᠪᠠ ᠃

W020230115303355762888.jpg

      1 ᠰᠠᠷ᠎ᠠ ᠶᠢᠨ 14᠎ ᠤ ᠦᠳᠡ ᠶᠢᠨ ᠬᠤᠶᠢᠨ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠣᠷᠳᠣᠰ ᠬᠤᠲᠠ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠣᠯᠴᠠᠪᠠ ᠃  ᠮᠠ ᠵᠢᠶᠠᠨ ᠴᠢᠤᠸᠠᠨ ᠰᠡᠭᠦᠳᠡᠷᠯᠡᠪᠡ

      ᠬᠤᠷᠠᠯ ᠳᠡᠭᠡᠷ᠎ᠡ ᠂ ᠳ᠋ᠦ᠋ ᠬᠤᠢ ᠯᠢᠶᠠᠩ ᠂ ᠯᠢ ᠰᠢᠨ ᠬᠤᠸᠠ ᠂ ᠭᠤᠤ ᠵᠢᠶᠠᠨ ᠵᠢᠶᠦ᠋ᠨ ᠂ ᠱᠧ ᠵᠠᠨ ᠹᠧᠢ ᠂ ᠯᠢ ᠴᠢᠶᠠᠩ ᠂ ᠯᠢᠦ ᠱᠢ ᠷᠦᠩ ᠂ ᠹᠧᠩ ᠶᠠ ᠫᠢᠩ ᠂ ᠯᠢ ᠬᠤᠸᠠ ᠂ ᠸᠠᠩ ᠭᠦᠸᠧ ᠴᠢᠤᠸᠠᠨ ᠂ ᠢᠦᠢ ᠯᠧ ᠦᠭᠡ ᠬᠡᠯᠡᠪᠡ ᠃ ᠰᠦᠨ ᠱᠤᠤ ᠴᠧᠩ ᠲᠥᠯᠥᠭᠡᠯᠡᠭᠴᠢᠳ ᠤᠨ ᠭᠡᠯᠡᠭᠦ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠤᠯᠠᠨ ᠲᠠᠢ ᠰᠠᠨᠠᠯ ᠢᠶᠠᠨ ᠰᠣᠯᠢᠯᠴᠠᠪᠠ ᠃

      ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠪᠣᠯᠣᠨ ᠰᠢᠭᠦᠭᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠨᠢ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠲᠠᠢ ᠨᠡᠶᠢᠴᠡᠵᠦ ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠨᠡᠶᠢᠴᠡᠵᠦ ᠪᠠᠶᠢᠨ᠎ᠠ ᠂ ᠪᠢ ᠪᠦᠷᠢᠮᠦᠰᠦᠨ ᠵᠥᠪᠰᠢᠶᠡᠷᠡᠨ᠎ᠡ ᠭᠡᠪᠡ ᠃

      ᠰᠦᠨ ᠱᠤᠤ ᠴᠧᠩ ᠂ ᠣᠷᠳᠣᠰ ᠬᠤᠳᠠ ᠪᠣᠯ ᠪᠦᠭᠦ ᠣᠷᠣᠨ ᠤ ᠨᠢᠭᠡᠳᠦᠭᠡᠷ ᠠᠵᠤ ᠠᠬᠤᠢ ᠶᠢᠨ ᠶᠡᠭᠡ ᠬᠤᠳᠠ ᠪᠣᠯᠣᠨ᠎ᠠ ᠂ ᠣᠳᠣᠬᠠᠨ ᠤ ᠬᠥᠭᠵᠢᠯᠲᠡ ᠶᠢᠨ ᠬᠠᠨᠳᠤᠰᠢ ᠴᠤ ᠮᠠᠰᠢ ᠰᠠᠶᠢᠨ ᠪᠠᠶᠢᠨ᠎ᠠ ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠰᠢᠨ᠎ᠡ ᠠᠵᠤ ᠦᠢᠯᠡᠰ ᠤᠨ ᠨᠡᠮᠡᠭᠳᠡᠯ ᠴᠡᠭ ᠢ ᠪᠣᠶᠢᠵᠢᠭᠤᠯᠵᠤ ᠂ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠵᠤ ᠂ ᠥᠷᠯᠥᠭᠡ ᠦᠳᠡᠰᠢ ᠶᠢ ᠲᠡᠮᠡᠴᠡᠨ ᠠᠵᠤ ᠠᠬᠤᠢ ᠶᠢᠨ ᠪᠠᠭᠲᠠᠭᠠᠮᠵᠢ ᠪᠠᠨ ᠨᠡᠩ ᠶᠡᠭᠡ ᠪᠤᠯᠭᠠᠵᠤ ᠂ ᠰᠠᠭᠤᠷᠢ ᠶᠢ ᠭᠦᠢᠴᠡᠳ ᠵᠤᠵᠠᠭᠠᠳᠬᠠᠵᠤ ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠳᠤ ᠨᠢᠷᠤᠭᠤ ᠲᠤᠯᠭᠠᠭᠤᠷᠢ ᠪᠤᠯᠬᠤ ᠬᠡᠷᠡᠭᠲᠡᠢ ᠃ ᠬᠠᠷᠠᠭ᠎ᠠ ᠪᠠᠨ ᠥᠷᠭᠡᠳᠬᠡᠵᠦ ᠂ ᠪᠦᠭᠦ ᠤᠯᠤᠰ ᠲᠤ ᠬᠠᠨᠳᠤᠵᠤ ᠂ ᠲᠡᠷᠢᠭᠦᠨ ᠤ ᠭᠠᠵᠠᠷ ᠣᠷᠣᠨ ᠢ ᠣᠨᠢᠯᠠᠵᠤ ᠭᠦᠢᠴᠡᠨ ᠳᠠᠪᠠᠵᠤ ᠂ ᠣᠷᠳᠣᠰ ᠬᠤᠳᠠ ᠶᠢ ᠤᠯᠠᠮ ᠰᠠᠶᠢᠨ ᠬᠥᠭᠵᠢᠭᠦᠯᠬᠦ ᠬᠡᠷᠡᠭᠲᠡᠢ ᠃ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠴᠢᠬᠤᠯᠠ ᠲᠤᠯᠭᠠᠭᠤᠷᠢᠯᠠᠯ ᠮᠥᠨ ᠂ ᠣᠯᠠᠨ ᠪᠣᠳᠠᠲᠠᠢ ᠠᠷᠭ᠎ᠠ ᠬᠡᠮᠵᠢᠶ᠎ᠡ ᠴᠢᠩᠭ᠎ᠠ ᠠᠷᠭ᠎ᠠ ᠬᠡᠮᠵᠢᠶ᠎ᠡ ᠠᠪᠴᠤ ᠂ ᠠᠷᠠᠳ ᠤᠨ ᠡᠵᠡᠩᠨᠡᠯᠲᠡ  ᠶᠢᠨ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠳᠡᠮᠵᠢᠭᠦ ᠬᠡᠷᠡᠭᠲᠡᠢ ᠭᠡᠪᠡ ᠃

      ᠰᠦᠨ ᠱᠤᠤ ᠴᠧᠩ ᠂ ᠣᠷᠳᠣᠰ ᠬᠤᠳᠠ ᠶᠢᠨ ᠬᠢᠨ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠲᠦᠷᠦᠭᠦᠯᠡᠨ ᠰᠠᠶᠢᠲᠤᠷ ᠬᠢᠬᠦ ᠬᠡᠷᠡᠭᠲᠡᠢ ᠃ ᠨᠡᠭᠦᠷᠡᠰᠦᠨ ᠤ ᠭᠠᠷᠤᠯᠲᠠ ᠶᠢ ᠲᠣᠭᠲᠠᠪᠤᠷᠢᠵᠢᠭᠤᠯᠤᠨ ᠭᠠᠷᠤᠯᠲᠠ ᠶᠢ ᠨᠡᠮᠡᠭᠳᠡᠭᠦᠯᠬᠦ ᠶᠢ ᠦᠷᠭᠦᠯᠵᠢᠯᠡᠨ ᠰᠠᠶᠢᠲᠤᠷ ᠠᠳᠬᠤᠵᠤ ᠂ ᠤᠯᠤᠰ ᠤᠨ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠢ ᠨᠡᠩ ᠰᠠᠶᠢᠲᠤᠷ ᠪᠠᠲᠤᠯᠠᠬᠤ ᠬᠡᠷᠡᠭᠲᠡᠢ ᠃ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭᠯᠠᠬᠤ ᠶᠢ ᠴᠢᠩᠭᠠᠳᠬᠠᠵᠤ ᠂ ︽ ᠨᠢᠭᠡ ᠬᠡᠰᠡᠭ ᠨᠡᠭᠦᠷᠡᠰᠦ ᠠᠴᠠ ᠨᠢᠭᠡ ᠬᠡᠰᠡᠭ ᠪᠥᠰ ᠬᠦᠷᠲᠡᠯᠡᠬᠢ ︾ ᠪᠦᠭᠦ ᠠᠵᠤ ᠦᠢᠯᠡᠰ ᠤᠨ ᠬᠡᠯᠬᠢᠶ᠎ᠡ ᠶᠢ ᠲᠦᠷᠭᠡᠳᠬᠡᠨ ᠪᠠᠶᠢᠭᠤᠯᠬᠤ ᠬᠡᠷᠡᠭᠲᠡᠢ ᠃ᠦᠷ᠎ᠡ ᠠᠰᠢᠭ ᠢ ᠤᠷᠢᠳ ᠢᠶᠠᠷ ᠪᠣᠳᠣᠯᠬᠢᠯᠠᠬᠤ ᠂ ᠦᠷ᠎ᠡ ᠬᠤᠶᠢᠴᠢᠰ ᠲᠠᠭᠠᠨ ᠪᠤᠶᠠᠨ ᠦᠢᠯᠡᠳᠭᠦ ᠪᠠᠷ ᠵᠠᠷᠴᠢᠮ ᠪᠤᠯᠭᠠᠬᠤ ᠶᠢ ᠪᠠᠷᠢᠮᠲᠠᠯᠠᠵᠤ ᠂ ︽ ᠶᠡᠭᠡ ᠪᠠᠷ ᠠᠵᠢᠯᠯᠠᠵᠤ ᠲᠦᠷᠭᠡᠨ ᠬᠢᠬᠦ ︾ ᠠᠷᠭ᠎ᠠ ᠪᠠᠷ ᠰᠢᠨ᠎ᠡ ᠡᠨᠧᠷᠭᠢ ᠶᠢ ᠬᠥᠭᠵᠢᠭᠦᠯᠵᠦ ᠂ ᠥᠪᠡᠷ ᠢ ᠪᠠᠨ ᠪᠠᠭᠲᠠᠭᠠᠨ ᠰᠢᠩᠭᠡᠭᠡᠬᠦ ᠲᠦᠷᠦᠯ ᠵᠦᠢᠯ ᠢ ᠬᠦᠴᠦᠯᠡᠨ ᠠᠬᠢᠭᠤᠯᠵᠤ ᠂ ᠡᠬᠢ ᠪᠠᠶᠠᠯᠢᠭ ᠢ ᠶᠠᠭᠠᠬᠢᠭᠰᠠᠨ ᠴᠤ ︽ ᠬᠤᠳᠠᠯᠳᠤᠭᠠᠳ ᠯᠡ ᠪᠣᠯᠭᠠᠴᠢᠬᠠᠵᠤ ︾ ᠪᠤᠯᠬᠤ ᠦᠭᠡᠢ ᠭᠡᠪᠡ ᠃

      ᠰᠦᠨ ᠱᠤᠤ ᠴᠧᠩ ᠂ ᠨᠢᠳᠤᠨᠤᠨ ᠣᠷᠳᠣᠰ ᠬᠤᠳᠠ ᠬᠤᠶᠠᠷ ᠠᠺᠠᠳᠧᠮᠢᠴᠢ ᠶᠢ ᠣᠷᠣᠭᠤᠯᠤᠨ ᠠᠪᠴᠢᠷᠠᠵᠤ ᠂ ᠮᠠᠰᠢ ᠲᠦᠷᠭᠡᠨ ᠂ ᠮᠠᠰᠢ ᠰᠠᠶᠢᠨ ᠡᠭᠢᠯᠡᠯᠲᠡ ᠲᠠᠢ ᠪᠣᠯᠵᠠᠢ ᠃ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠨᠥᠬᠦᠴᠡᠯ ᠢ ᠴᠢᠨᠠᠭᠰᠢᠳᠠ ᠰᠢᠯᠢᠳᠡᠭᠵᠢᠭᠦᠯᠵᠦ ᠂ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠢᠶᠠᠨ ᠲᠡᠭᠦᠯᠳᠡᠷᠵᠢᠭᠦᠯᠦᠨ ᠂ ᠴᠢᠳᠠᠪᠤᠷᠢᠲᠠᠨ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠠᠯ᠎ᠠ ᠪᠠᠷ ᠨᠡᠩ ᠶᠡᠭᠡ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠪᠡ ᠃

      ᠶᠠᠩ ᠸᠧᠢ ᠳ᠋ᠦᠩ ᠂ ᠢᠦᠢ ᠯᠢ ᠰᠢᠨ ᠂ ᠪᠦᠦ ᠰᠢᠶᠠᠨ ᠬᠤᠸᠠ ᠣᠷᠣᠯᠴᠠᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ