1 ᠰᠠᠷ᠎ᠠ ᠶᠢᠨ 15 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠭᠤᠷᠪᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠵᠦ᠂ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠡᠷᠢᠭᠦᠯᠡᠭᠴᠢ᠂ ᠳᠡᠳ᠋ ᠲᠡᠷᠢᠭᠦᠯᠡᠭᠴᠢ ᠨᠠᠷᠢᠨ ᠪᠢᠴᠢᠭ ᠤᠨ ᠳᠠᠷᠤᠭ᠎ᠠ ᠪᠣᠯᠣᠨ ᠪᠠᠶᠢᠩᠭᠤ ᠶᠢᠨ ᠭᠡᠰᠢᠭᠦᠨ ᠢ ᠰᠣᠩᠭᠤᠨ ᠭᠠᠷᠭᠠᠪᠠ᠃
ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠬᠦᠦᠳᠠᠭᠤᠯᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠴᠡᠴᠡᠭ᠂ ᠸᠧᠢ ᠭᠦᠸᠧ ᠨᠠᠨ᠂ ᠠᠨ ᠷᠦᠨ ᠱᠧᠩ᠂ ᠵᠠᠩ ᠯᠧᠢ᠂ ᠵᠠᠩ ᠪᠠᠢ ᠴᠧᠩ᠂ ᠶᠠᠩ ᠵᠢᠶᠧ᠂ ᠰᠦᠨ ᠵᠢᠶᠦ᠋ᠨ ᠴᠢᠩ ᠪᠣᠯᠣᠨ ᠨᠠᠷᠢᠨ ᠪᠢᠴᠢᠭ ᠤᠨ ᠳᠠᠷᠤᠭ᠎ᠠ ᠶᠠᠩ ᠯᠢ ᠮᠢᠨ ᠬᠤᠷᠠᠯ ᠳᠤ ᠣᠷᠣᠯᠴᠠᠵᠠᠢ᠃ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠯᠦᠸᠧ ᡁᠢ ᠬᠤ᠋ ᠬᠤᠷᠠᠯ ᠢ ᠡᠷᠬᠢᠯᠡᠵᠡᠢ᠃
ᠲᠣᠰ ᠤᠳᠠᠭ᠎ᠠ ᠶᠢᠨ ᠬᠤᠷᠠᠯ ᠳᠤ ᠣᠷᠣᠯᠴᠠᠬᠤ ᠶᠣᠰᠣᠲᠠᠢ ᠭᠡᠰᠢᠭᠦᠨ 525 ᠬᠥᠮᠥᠨ ᠪᠣᠢ᠂ ᠬᠤᠷᠠᠯ ᠳᠤ ᠪᠣᠳᠠᠲᠠᠢ ᠣᠷᠣᠯᠴᠠᠭᠰᠠᠨ ᠨᠢ 492 ᠬᠥᠮᠥᠨ᠂ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠪᠡ᠃
ᠬᠤᠷᠠᠯ ᠠᠴᠠ᠂ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠰᠣᠩᠭᠤᠭᠤᠯᠢ ᠶᠢᠨ ᠠᠷᠭ᠎ᠠ ᠶᠢ ᠪᠠᠲᠤᠯᠠᠵᠤ᠂ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠰᠣᠩᠭᠤᠭᠤᠯᠢ ᠶᠢᠨ ᠶᠡᠷᠦᠩᠬᠡᠢ ᠪᠢᠯᠧᠲ ᠬᠢᠨᠠᠭᠴᠢ᠂ ᠳᠡᠳ᠋ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠢ ᠪᠠᠲᠤᠯᠠᠵᠤ᠂ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ ᠪᠣᠯᠣᠨ ᠪᠠᠶᠢᠩᠭᠤ ᠶᠢᠨ ᠭᠡᠰᠢᠭᠦᠨ ᠢ ᠰᠣᠩᠭᠤᠪᠠ᠃
ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ᠪᠣᠯᠣᠨ ᠪᠢᠯᠧᠲ ᠲᠡᠮᠳᠡᠭᠯᠡᠭᠰᠡᠨ ᠦᠷ᠎ᠡ ᠳ᠋ᠦᠩ ᠢ ᠦᠨᠳᠦᠰᠦᠯᠡᠵᠦ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢᠳ ᠤᠨ ᠬᠤᠷᠠᠯ ᠢᠶᠠᠷ ᠨᠤᠲᠠᠯᠠᠨ ᠵᠥᠪᠰᠢᠶᠡᠷᠡᠭᠦᠯᠬᠦ ᠪᠠᠷ ᠳᠠᠮᠵᠢᠨ᠂ ᠵᠠᠩ ᠶᠠᠨ ᠺᠦᠨ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠡᠷᠢᠭᠦᠯᠡᠭᠴᠢ ᠪᠠᠷ ᠰᠣᠩᠭᠤᠭᠳᠠᠵᠤ᠂ ᠯᠦᠸᠧ ᡁᠢ ᠬᠤ᠋᠂ ᠴᠡᠴᠡᠭ᠂ ᠸᠧᠢ ᠭᠦᠸᠧ ᠨᠠᠨ᠂ ᠠᠨ ᠷᠦᠨ ᠱᠧᠩ᠂ ᠵᠠᠩ ᠯᠧᠢ᠂ ᠵᠠᠩ ᠪᠠᠢ ᠴᠧᠩ᠂ ᠶᠠᠩ ᠵᠢᠶᠧ᠂ ᠰᠦᠨ ᠵᠢᠶᠦ᠋ᠨ ᠴᠢᠩ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠳᠡᠳ᠋ ᠲᠡᠷᠢᠭᠦᠯᠡᠭᠴᠢ ᠪᠠᠷ ᠰᠣᠩᠭᠤᠭᠳᠠᠵᠤ᠂ ᠶᠠᠩ ᠯᠢ ᠮᠢᠨ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠪᠠᠷ ᠰᠣᠩᠭᠤᠭᠳᠠᠵᠤ᠂ ᠢᠦᠢ ᠴᠠᠩ ᠬᠤᠩ ᠵᠡᠷᠭᠡ 109 ᠭᠡᠰᠢᠭᠦᠨ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠢᠶᠠᠷ ᠰᠣᠩᠭᠤᠭᠳᠠᠪᠠ᠃