ᠸᠠᠩ ᠯᠢ ᠰᠢᠶᠠ ᠪᠠᠶᠠᠨᠨᠠᠭᠤᠷ ᠬᠤᠳᠠ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠤᠯᠴᠠᠬᠤ ᠳᠠᠭᠠᠨ ᠬᠡᠯᠡᠭᠰᠡᠨ ᠨᠢ ᠥᠨᠳᠥᠷ ᠲᠦᠪᠰᠢᠨ ᠪᠦᠬᠦᠢ ᠬᠠᠮᠠᠭᠠᠯᠠᠯᠲᠠ ᠴᠢᠨᠠᠷ ᠰᠠᠶᠢᠲᠠᠢ ᠬᠥᠭᠵᠢᠯᠲᠡ ᠪᠠᠷ ᠪᠣᠷᠣᠳᠣᠬᠤᠢ ᠶᠢᠨ ᠲᠠᠯ᠎ᠠ ᠭᠠᠵᠠᠷ ᠢ ᠵᠢᠶᠠᠩᠨᠠᠨ ᠣᠷᠣᠨ ᠲᠠᠢ ᠥᠷᠢᠰᠦᠯᠳᠦᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2023/1/16

      1 ᠰᠠᠷ᠎ᠠ ᠶᠢᠨ 14 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠪᠠᠶᠠᠨᠨᠠᠭᠤᠷ ᠬᠤᠳᠠ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠣᠯᠴᠠᠪᠠ᠃

      ᠬᠤᠷᠠᠯ ᠳᠡᠭᠡᠷ᠎ᠡ᠂ ᠾᠧ ᠸᠧᠢ ᠬᠤᠸᠠ᠂ ᠸᠠᠩ ᡁᠢ ᠫᠢᠩ᠂ ᠸᠠᠩ ᠦ᠋ ᠾᠧᠦ᠂ ᠴᠢ ᠰᠢᠤᠸᠠᠨ᠂ ᠸᠠᠩ ᠶᠦᠩ ᠵᠡᠷᠭᠡ 5 ᠲᠥᠯᠥᠭᠡᠯᠡᠭᠴᠢ ᠦᠭᠡ ᠬᠡᠯᠡᠵᠦ᠂ ᠢᠯᠡᠳᠬᠡᠯ ᠢ ᠵᠥᠪᠯᠡᠨ᠂ ᠢᠷᠡᠭᠡᠳᠦᠢ ᠶᠢ ᠶᠠᠷᠢᠯᠴᠠᠵᠤ᠂ ᠠᠳᠠᠯᠢ ᠪᠤᠰᠤ ᠬᠠᠷᠠᠭᠠᠰᠤ ᠠᠴᠠ ᠰᠠᠨᠠᠯ ᠰᠠᠨᠠᠭᠤᠯᠭ᠎ᠠ ᠳᠤᠷᠠᠳᠪᠠ᠃ ᠸᠠᠩ ᠯᠢ ᠰᠢᠶᠠ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠨᠢᠭᠡᠳ ᠨᠢᠭᠡ ᠪᠠᠷ ᠬᠠᠷᠢᠭᠤᠯᠲᠠ ᠥᠭᠴᠡᠢ᠃

2.jpg


      1 ᠰᠠᠷ᠎ᠠ ᠶᠢᠨ 14 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠪᠠᠶᠠᠨᠨᠠᠭᠤᠷ ᠬᠤᠲᠠ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠣᠯᠴᠠᠪᠠ᠃

      ᠸᠠᠩ ᠯᠢ ᠰᠢᠶᠠ᠂ ᠪᠠᠶᠠᠨᠨᠠᠭᠤᠷ ᠠᠵᠠ ᠲᠣᠭᠢᠶᠠᠯ ᠢ ᠠᠮᠵᠢᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ︾ ᠪᠠ ︽ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ︾ ᠶᠢᠨ ᠴᠢᠬᠤᠯᠠ ᠱᠠᠭᠠᠷᠳᠠᠯᠭ᠎ᠠ ᠶᠣᠰᠣᠭᠠᠷ᠂ ᠥᠨᠳᠥᠷ ᠲᠦᠪᠰᠢᠨ ᠢᠶᠠᠷ ᠬᠠᠮᠠᠭᠠᠯᠠᠵᠤ᠂ ᠴᠢᠨᠠᠷ ᠰᠠᠶᠢᠲᠠᠢ ᠬᠥᠭᠵᠢᠭᠦᠯᠵᠦ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠬᠦᠴᠦᠷᠬᠡᠭ ᠬᠤᠳᠠ ᠶᠢ ᠴᠣᠭᠴᠠᠯᠠᠵᠤ᠂ ᠪᠣᠷᠣᠳᠣᠬᠤᠢ ᠶᠢᠨ ᠲᠠᠯ᠎ᠠ ᠭᠠᠵᠠᠷ ᠢ ᠵᠢᠶᠠᠩᠨᠠᠨ ᠣᠷᠣᠨ ᠲᠠᠢ ᠥᠷᠢᠰᠦᠯᠳᠦᠭᠦᠯᠬᠦ ᠬᠡᠷᠡᠭᠲᠡᠢ᠃ ᠲᠠᠪᠤᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠄ ᠨᠢᠭᠡ ᠳᠤ᠂ ᠪᠠᠶᠠᠨᠨᠠᠭᠤᠷ ᠲᠠᠬᠢ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠭᠦ ᠣᠷᠣᠨ ᠢ ᠰᠠᠶᠢᠲᠤᠷ ᠠᠳᠬᠤᠵᠤ᠂ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠳᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ︽ᠵᠢᠭᠦᠷ︾ ᠤᠷᠭᠤᠭᠤᠯᠬᠤ ᠭᠡᠷᠡᠭᠲᠡᠢ︔ ᠬᠤᠶᠠᠷ ᠲᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠠᠷᠢᠶᠠᠨ ᠭᠠᠵᠠᠷ ᠢ ᠴᠢᠨᠠᠷ ᠰᠠᠶᠢᠲᠠᠢ ᠲᠠᠷᠢᠶᠠᠨ ᠭᠠᠵᠠᠷ᠂ ᠥᠨᠳᠥᠷ ᠤᠨᠠᠯᠲᠠ ᠲᠠᠢ ᠲᠠᠷᠢᠶᠠᠨ ᠭᠠᠵᠠᠷ ᠪᠤᠯᠭᠠᠬᠤ ᠭᠡᠷᠡᠭᠲᠡᠢ︔ ᠭᠤᠷᠪᠠ ᠳᠤ᠂ ᠠᠵᠤ ᠦᠢᠯᠡᠰ ᠢ ᠠᠳᠬᠤᠨ ᠪᠦᠲᠦᠭᠡᠭᠳᠡᠬᠦᠨ ᠢ ᠠᠳᠬᠤᠵᠤ᠂ ︽ᠣᠨᠴᠠᠯᠢᠭᠲᠤ︾ ᠪᠠ ︽ᠤᠭᠢ︾ ᠳᠡᠭᠡᠷ᠎ᠡ ᠬᠦᠴᠦ ᠲᠠᠯᠪᠢᠵᠤ᠂ ᠰᠣᠳᠣᠨ ᠪᠦᠲᠦᠭᠡᠭᠳᠡᠬᠦᠨ ᠭᠠᠷᠭᠠᠵᠤ᠂ ᠲᠦᠷᠦᠯ ᠲᠡᠮᠳᠡᠭ ᠢ ᠠᠯᠳᠠᠷᠰᠢᠭᠤᠯᠬᠤ ᠭᠡᠷᠡᠭᠲᠡᠢ︔ ᠳᠥᠷᠪᠡ ᠳᠤ᠂ ᠠᠵᠤ ᠠᠬᠤᠶᠢᠯᠠᠯ ᠢ ᠠᠳᠬᠤᠨ ᠳᠠᠭᠠᠭᠤᠯᠤᠭᠴᠢ ᠶᠢ ᠠᠳᠬᠤᠵᠤ᠂ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢ ᠳᠠᠶᠢᠴᠢᠯᠠᠨ ᠳᠤᠮᠳᠠ ᠪᠠ ᠡᠴᠦᠰ ᠤᠨ ᠬᠡᠯᠬᠢᠶ᠎ᠡ ᠲᠡᠶᠢᠰᠢ ᠤᠷᠲᠤᠳᠬᠠᠵᠤ᠂ ᠳᠤᠮᠳᠠ ᠳᠡᠭᠡᠳᠦ ᠲᠠᠰ ᠲᠡᠶᠢᠰᠢ ᠳᠠᠪᠰᠢᠭᠤᠯᠬᠤ ᠭᠡᠷᠡᠭᠲᠡᠢ︔ ᠲᠠᠪᠤ ᠳᠤ᠂ ᠲᠦᠷᠦᠯ ᠲᠡᠮᠳᠡᠭ ᠢ ᠠᠳᠬᠤᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠪᠠ ᠪᠦᠲᠦᠭᠡᠭᠳᠡᠬᠦᠨ ᠤ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ︽ᠲᠡᠭᠷᠢ ᠶᠢᠨ ᠬᠡᠰᠢᠭᠲᠦ ᠪᠣᠷᠣᠳᠣᠬᠤᠢ︾ ᠶᠢ ᠬᠥᠮᠥᠰ ᠤᠨ ᠰᠡᠳᠬᠢᠯ ᠳᠤ ᠨᠠᠩ ᠭᠦᠨ ᠰᠠᠭᠤᠭᠳᠠᠭᠤᠯᠵᠤ᠂ ᠰᠠᠶᠢᠨ ᠦᠢᠯᠡᠳᠬᠦᠨ ᠢ ᠰᠠᠶᠢᠨ ᠦᠨ᠎ᠡ ᠪᠠᠷ ᠬᠤᠳᠠᠯᠳᠤᠬᠤ ᠬᠡᠷᠡᠭᠲᠡᠢ ᠭᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ