ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠲᠡᠭᠦᠰᠪᠡ ᠰᠦᠨ ᠱᠤᠤ ᠴᠧᠩ  ᠸᠠᠩ ᠯᠢ ᠰᠢᠶᠠ ᠨᠠᠷ ᠬᠤᠷᠠᠯ ᠳᠤ ᠣᠷᠣᠯᠴᠠᠵᠤ ᠪᠠᠶᠠᠷ ᠬᠦᠷᠭᠡᠵᠡᠢ  ᠵᠠᠩ ᠶᠠᠨ ᠺᠦᠨ ᠬᠤᠷᠠᠯ  ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/1/16

      1 ᠰᠠᠷ᠎ᠠ ᠶᠢᠨ 15 ᠤ ᠦᠳᠡ ᠶᠢᠨ ᠡᠮᠦᠨ᠎ᠡ ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠡᠯ᠎ᠡ ᠵᠥᠪᠯᠡᠭᠦ ᠵᠦᠢᠯᠡᠰ ᠢᠶᠠᠨ ᠠᠮᠵᠢᠯᠲᠠ ᠲᠠᠢ ᠳᠠᠭᠤᠰᠬᠠᠵᠤ ᠂ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠢᠯᠠᠯᠲᠠ ᠲᠠᠢ ᠲᠡᠭᠦᠰᠪᠡ ᠃

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠪᠠᠶᠠᠷ ᠬᠦᠷᠭᠡᠭᠰᠡᠨ ᠪᠥᠭᠡᠳ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ ᠃

图一.jpg

      1 ᠰᠠᠷ᠎ᠠ ᠶᠢᠨ 15 ᠤ ᠦᠳᠡ ᠶᠢᠨ ᠡᠮᠦᠨ᠎ᠡ ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠲᠡᠭᠦᠰᠬᠦ ᠬᠤᠷᠠᠯ ᠳᠡᠭᠡᠷ᠎ᠡ ᠶᠠᠷᠢᠶ᠎ᠠ ᠲᠠᠯᠪᠢᠪᠠ ᠃  ᠮᠠ ᠵᠢᠶᠠᠨ ᠴᠢᠤᠸᠠᠨ ᠰᠡᠭᠦᠳᠡᠷᠯᠡᠪᠡ

      ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠲᠡᠭᠦᠰᠬᠦ ᠶᠡᠭᠡ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠥᠸᠧ ᡁᠢ ᠬᠤ᠋ ᠂ ᠴᠡᠴᠡᠭ ᠂ ᠸᠧᠢ ᠭᠦᠸᠧ ᠨᠠᠨ ᠂ ᠠᠨ ᠷᠦᠨ ᠱᠧᠩ ᠂ ᠵᠠᠩ ᠯᠧᠢ ᠂ ᠵᠠᠩ ᠪᠠᠢ ᠴᠧᠩ ᠂ ᠶᠠᠩ ᠵᠢᠶᠧ ᠂ ᠰᠦᠨ ᠵᠢᠶᠦ᠋ᠨ ᠴᠢᠩ ᠪᠣᠯᠣᠨ ᠨᠠᠷᠢᠨ ᠪᠢᠴᠢᠭ ᠤᠨ ᠳᠠᠷᠤᠭ᠎ᠠ ᠶᠠᠩ ᠯᠢ ᠮᠢᠨ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ ᠃

      ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠭᠰᠠᠨ ᠤᠳᠤᠷᠢᠳᠤᠯᠭ᠎ᠠ ᠳᠤ᠄ ᠶᠠᠩ ᠸᠧᠢ ᠳ᠋ᠦᠩ ᠂ ᠯᠢᠦ ᠱᠤᠸᠠᠩ ᠂ ᠪᠦᠦ ᠭᠠᠩ ᠂ ᠵᠧᠩ ᠬᠤᠩ ᠹᠠᠨ ᠂ ᠳ᠋ᠢᠩ ᠰᠢᠤ ᠹᠧᠩ ᠂ ᠮᠧᠩ ᠰᠢᠶᠠᠨ ᠳ᠋ᠦᠩ ᠂ ᠬᠤᠸᠠᠩ ᡁᠢ ᠴᠢᠶᠠᠩ ᠂ ᠯᠢ ᠢᠦᠢ ᠭᠠᠩ ᠂ ᠬᠦᠦᠳᠠᠭᠤᠯᠠ ᠂ ᠢᠦᠢ ᠯᠢ ᠰᠢᠨ ᠂ ᠯᠢᠨ ᠱᠤᠤ ᠴᠦᠨ ᠂ ᠳ᠋ᠤᠸᠠᠨ ᡁᠢ ᠴᠢᠶᠠᠩ ᠂ ᠵᠠᠩ ᠱᠤᠤ ᠴᠦᠨ ᠂ ᠠᠢ ᠯᠢ ᠬᠤᠸᠠ ᠂ ᠯᠢ ᠪᠢᠩ ᠷᠦᠩ ᠂ ᠴᠢ᠊ ᠪᠠᠲᠤ ᠂ ᠪᠦᠦ ᠰᠢᠶᠠᠨ ᠬᠤᠸᠠ ᠂ ᠵᠧᠩ ᠭᠤᠸᠠᠩ ᠵᠤᠤ ᠂ ᠶᠣᠣ ᠶᠦᠩ ᠪᠦᠸᠧ ᠂ ᠶᠠᠩ ᠽᠥᠩ ᠷᠧᠨ ᠂ ᠯᠢ ᠶᠦᠩ ᠵᠢᠶᠦ᠋ᠨ ᠂ ᠴᠧᠨ ᠯᠦ ᠱᠧᠩ ᠂ ᠵᠠᠩ ᠶᠦᠩ ᠮᠢᠨ ᠨᠠᠷ ᠪᠤᠢ ᠃

      ᠬᠤᠷᠠᠯ ᠠᠴᠠ ᠂ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠤᠯᠤᠰ ᠲᠥᠷᠥ ᠶᠢᠨ ᠰᠢᠢᠳᠪᠦᠷᠢ ᠂ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠰᠢᠢᠳᠪᠦᠷᠢ ᠂ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠰᠠᠨᠠᠯ ᠳᠤᠷᠠᠳᠤᠯᠭ᠎ᠠ ᠶᠢᠨ ᠵᠥᠪᠯᠡᠯ ᠤᠨ ᠮᠡᠳᠡᠭᠦᠯᠦᠯᠲᠡ ᠶᠢ ᠪᠠᠲᠤᠯᠠᠵᠤ ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯ ᠠᠴᠠ ᠨᠠᠭᠠᠰᠢᠬᠢ ᠰᠢᠯᠢᠳᠡᠭ ᠰᠠᠨᠠᠯ ᠳᠤᠷᠠᠳᠤᠯᠭ᠎ᠠ ᠶᠢ ᠬᠥᠬᠢᠭᠦᠯᠦᠨ ᠰᠠᠶᠢᠰᠢᠶᠠᠪᠠ ᠃

      ᠵᠠᠩ ᠶᠠᠨ ᠺᠦᠨ ᠶᠠᠷᠢᠶᠠᠨ ᠳᠠᠭᠠᠨ ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠡᠯ᠎ᠡ ᠵᠥᠪᠯᠡᠭᠦ ᠵᠦᠢᠯᠡᠰ ᠢᠶᠠᠨ ᠠᠮᠵᠢᠯᠲᠠ ᠲᠠᠢ ᠪᠡᠶᠡᠯᠡᠭᠦᠯᠵᠦ ᠂ ᠢᠯᠠᠯᠲᠠ ᠲᠠᠢ ᠲᠡᠭᠦᠰᠪᠡ ᠃ ᠥᠪᠡᠷᠲᠡᠭᠡᠨ ᠵᠠᠰᠠᠬᠤ ᠣᠷᠣᠨ ᠤ ᠤᠳᠤᠷᠢᠳᠬᠤ ᠨᠥᠬᠦᠳ ᠡᠭᠢᠯᠡᠯᠲᠡ ᠶᠢᠨ ᠬᠤᠷᠠᠯ ᠪᠠ ᠲᠡᠭᠦᠰᠬᠦ ᠬᠤᠷᠠᠯ ᠳᠤ ᠣᠷᠣᠯᠴᠠᠵᠤ ᠂ ᠳᠤᠭᠤᠶᠢᠯᠠᠩ ᠬᠠᠮᠲᠤᠷᠠᠭᠰᠠᠨ ᠶᠠᠷᠢᠯᠴᠠᠭ᠎ᠠ ᠳᠤ ᠣᠷᠣᠯᠴᠠᠵᠤ ᠂ ᠶᠡᠭᠡ ᠬᠤᠷᠠᠯ ᠤᠨ ᠶᠠᠷᠢᠶ᠎ᠠ ᠶᠢ ᠰᠣᠨᠣᠰᠴᠤ ᠂ ᠭᠡᠰᠢᠭᠦᠳ ᠲᠠᠢ ᠬᠠᠮᠲᠤ ᠪᠠᠷ ᠥᠭᠡᠷᠡᠴᠢᠯᠡᠯᠲᠡ ᠬᠥᠭᠵᠢᠯᠲᠡ ᠶᠢᠨ ᠶᠡᠭᠡ ᠪᠣᠳᠣᠯᠭ᠎ᠠ ᠶᠢ ᠵᠥᠪᠯᠡᠪᠡ ᠃ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠣᠷᠭᠢᠯᠤᠮ᠎ᠠ ᠬᠠᠯᠠᠭᠤᠨ ᠰᠡᠳᠬᠢᠯᠭᠡ ᠪᠠ ᠰᠠᠶᠢᠨ ᠰᠠᠶᠢᠬᠠᠨ ᠦᠭᠡ ᠶᠠᠷᠢᠶ᠎ᠠ ᠵᠣᠬᠢᠶᠠᠯ ᠤᠨ ᠰᠤᠷᠲᠠᠯ ᠬᠤᠷᠠᠯ ᠤᠨ ᠰᠤᠷᠲᠠᠯ ᠢᠶᠠᠷ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠬᠢᠨᠠᠨ ᠵᠥᠪᠯᠡᠵᠦ ᠂ ᠭᠦᠨᠵᠡᠭᠡᠢ ᠵᠥᠪᠳᠡᠯᠴᠡᠨ ᠰᠣᠯᠢᠯᠴᠠᠵᠤ ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠡᠭᠦᠷᠭᠡ ᠶᠢ ᠤᠷᠤᠭᠰᠢᠲᠠᠢ ᠪᠡᠶᠡᠯᠡᠭᠦᠯᠪᠡ ᠃ ᠡᠨᠡ ᠪᠣᠯ ᠲᠤᠭ ᠢᠶᠠᠨ ᠥᠨᠳᠥᠷ ᠮᠠᠨᠳᠤᠭᠤᠯᠤᠭᠰᠠᠨ ᠂ ᠠᠷᠠᠳᠴᠢᠯᠠᠯ ᠢ ᠪᠠᠳᠠᠷᠠᠭᠤᠯᠤᠭᠰᠠᠨ ᠂ ᠪᠦᠯᠬᠦᠮᠳᠡᠨ ᠲᠡᠮᠡᠴᠡᠭᠰᠡᠨ ᠶᠡᠭᠡ ᠬᠤᠷᠠᠯ ᠮᠥᠨ ᠂ ᠬᠥᠮᠥᠰ ᠤᠨ ᠰᠡᠳᠬᠢᠯ ᠢ ᠨᠢᠭᠲᠠᠷᠠᠭᠤᠯᠤᠭᠰᠠᠨ ᠂ ᠢᠲᠡᠭᠡᠯ ᠵᠣᠷᠢᠭ ᠢ ᠨᠡᠮᠡᠭᠳᠡᠭᠦᠯᠦᠭᠰᠡᠨ ᠂ ᠡᠷᠴᠢ ᠵᠣᠷᠢᠭ ᠢ ᠬᠥᠪᠴᠢᠯᠡᠭᠰᠡᠨ ᠶᠡᠭᠡ ᠬᠤᠷᠠᠯ ᠮᠥᠨ ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠦᠭᠰᠡᠨ ᠂ ᠤᠷᠢᠳᠤᠬᠢ ᠶᠢ ᠵᠠᠯᠭᠠᠮᠵᠢᠯᠠᠨ ᠬᠤᠶᠢᠲᠤᠬᠢ ᠳᠤ ᠵᠠᠮ ᠨᠡᠭᠡᠭᠡᠭᠰᠡᠨ ᠂ ᠪᠠᠶᠠᠯᠢᠭ ᠦᠷ᠎ᠡ ᠪᠦᠲᠦᠮᠵᠢ ᠲᠠᠢ ᠶᠡᠭᠡ ᠬᠤᠷᠠᠯ ᠮᠥᠨ ᠭᠡᠪᠡ ᠃

      ᠵᠠᠩ ᠶᠠᠨ ᠺᠦᠨ ᠂ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠭᠢᠯᠡᠯᠲᠡ ᠶᠢᠨ ᠵᠢᠯ ᠪᠣᠯᠣᠨ᠎ᠠ ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠡᠭᠢᠯᠡᠯᠲᠡ ᠶᠢᠨ ᠵᠢᠯ ᠪᠣᠯᠣᠨ᠎ᠠ ᠂ ᠡᠨᠡ ᠵᠢᠯ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠨᠢ ᠴᠢᠬᠤᠯᠠ ᠠᠴᠢ ᠬᠤᠯᠪᠣᠭᠳᠠᠯ ᠲᠠᠢ ᠶᠤᠮ ᠃ ᠨᠢᠭᠡ ᠳᠤ ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠭᠢᠮᠯᠡᠭᠦ ᠬᠡᠷᠡᠭᠲᠡᠢ ᠃ 

︽ ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ ᠂ ︽ ᠳᠥᠷᠪᠡᠨ ᠤᠬᠠᠮᠰᠠᠷ ︾  ᠢᠶᠠᠨ ᠦᠨᠡᠨ ᠬᠦ ᠴᠢᠩᠭᠠᠳᠬᠠᠬᠤ ᠂ ︽ ᠳᠥᠷᠪᠡᠨ ᠢᠲᠡᠭᠡᠯ ︾  ᠢᠶᠠᠨ ᠪᠠᠲᠤᠳᠬᠠᠬᠤ ᠂ ︽ ᠬᠤᠶᠠᠷ ᠢ ᠬᠠᠮᠠᠭᠠᠯᠠᠬᠤ︾  ᠶᠢ ᠪᠡᠶᠡᠯᠡᠭᠦᠯᠬᠦ ᠶᠢ ᠬᠠᠮᠤᠭ ᠤᠨ ᠳᠡᠭᠡᠳᠦ ᠤᠯᠤᠰ ᠲᠥᠷᠥ ᠶᠢᠨ ᠱᠠᠭᠠᠷᠳᠠᠯᠭ᠎ᠠ ᠪᠤᠯᠭᠠᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠠᠶᠢᠲᠤᠷ ᠣᠶᠢᠯᠠᠭᠠᠵᠤ ᠲᠤᠭᠤᠷᠠᠲᠠᠯ᠎ᠠ ᠮᠡᠳᠡᠵᠦ ᠪᠣᠳᠠᠲᠠᠢ ᠬᠢᠬᠦ ᠶᠢ ᠬᠠᠮᠤᠭ ᠤᠨ ᠶᠡᠭᠡ ᠤᠯᠤᠰ ᠲᠥᠷᠥ ᠶᠢᠨ ᠡᠭᠦᠷᠭᠡ ᠪᠤᠯᠭᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢ ᠦᠨᠳᠦᠰᠦᠨ ᠤᠯᠤᠰ ᠲᠥᠷᠥ ᠶᠢᠨ ᠬᠠᠷᠢᠭᠤᠴᠠᠯᠭ᠎ᠠ ᠪᠤᠯᠭᠠᠵᠤ ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠪᠦᠭᠦ ᠶᠠᠪᠤᠴᠠ ᠳᠤᠮᠳᠠᠬᠢ ᠥᠪᠡᠷᠮᠢᠴᠡ ᠳᠠᠪᠠᠭᠤᠯᠢᠭ ᠢ ᠨᠠᠩ ᠰᠠᠶᠢᠲᠤᠷ ᠪᠠᠳᠠᠷᠠᠭᠤᠯᠵᠤ ᠂ ᠤᠯᠤᠰ ᠤᠨ ᠵᠠᠰᠠᠯᠲᠠ ᠶᠢᠨ ᠰᠢᠰᠲ᠋ᠧᠮ ᠳᠤ ᠦᠵᠡᠭᠦᠯᠭᠦ ᠴᠢᠬᠤᠯᠠ ᠦᠢᠯᠡᠳᠦᠯ ᠢ ᠢᠯᠡᠷᠡᠭᠦᠯᠭᠦ ᠬᠡᠷᠡᠭᠲᠡᠢ ᠃ ᠬᠤᠶᠠᠷ ᠲᠤ ᠂ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠬᠡᠷᠡᠭᠲᠡᠢ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠵᠦ ᠂ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ ᠂ ᠪᠣᠳᠠᠲᠠᠢ ᠶᠢ ᠡᠷᠬᠢᠮᠯᠡᠭᠰᠡᠨ ᠠᠰᠢᠭᠲᠠᠢ ᠠᠷᠭ᠎ᠠ ᠪᠣᠳᠣᠯᠭ᠎ᠠ ᠰᠠᠨᠠᠭᠤᠯᠭ᠎ᠠ ᠶᠢ ᠢᠯᠡᠭᠦᠬᠡᠨ ᠳᠤᠷᠠᠳᠴᠤ ᠂ ᠠᠰᠠᠭᠤᠳᠠᠯ ᠢ ᠰᠢᠢᠳᠪᠦᠷᠢᠯᠡᠬᠦ ᠪᠦᠲᠦᠮᠵᠢᠲᠡᠶ ᠠᠷᠭ᠎ᠠ ᠶᠢ ᠢᠯᠡᠭᠦᠬᠡᠨ ᠰᠦᠪᠡᠭᠴᠢᠯᠡᠵᠦ ᠂ ᠭᠦᠨᠵᠡᠭᠡᠢ ᠵᠥᠪᠳᠡᠯᠴᠡᠨ ᠬᠤᠷᠰᠢᠯᠴᠠᠬᠤ ᠂ ᠰᠠᠨᠠᠯ ᠢᠶᠠᠨ ᠭᠦᠢᠴᠡᠳ ᠢᠯᠡᠳᠬᠡᠬᠦ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠬᠠᠮᠲᠤ ᠶᠢᠨ ᠲᠠᠨᠢᠯᠲᠠ ᠶᠢᠨ ᠲᠦᠪᠰᠢᠨ ᠢ ᠥᠷᠭᠡᠨ ᠢᠶᠠᠷ ᠨᠢᠭᠲᠠᠷᠠᠭᠤᠯᠵᠤ ᠂ ᠣᠯᠠᠨ ᠤ ᠣᠶᠤᠨ ᠤᠬᠠᠭᠠᠨ ᠢ ᠥᠷᠭᠡᠨ ᠢᠶᠠᠷ ᠰᠢᠩᠭᠡᠬᠡᠨ ᠠᠪᠴᠤ ᠂ ᠰᠠᠶᠢᠲᠤᠷ ᠬᠤᠷᠠᠮᠳᠤᠭᠤᠯᠵᠤ ᠂ ᠣᠳᠣᠬᠢᠴᠢᠯᠠᠭᠰᠠᠨ ᠥᠪᠥᠷ ᠮᠣᠩᠭᠤᠯ  ᠢ ᠪᠦᠲᠦᠭᠡᠨ ᠪᠠᠶᠢᠭᠤᠯᠬᠤ ᠳᠤ ᠨᠠᠩ ᠰᠠᠶᠢᠨ ᠬᠦᠴᠦᠨ ᠨᠡᠮᠡᠷᠢᠯᠡᠵᠦ ᠂ ᠬᠠᠷᠰᠢ ᠰᠠᠭᠠᠳ ᠢ ᠪᠠᠭᠠᠰᠬᠠᠵᠤ ᠂ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ ᠃ ᠭᠤᠷᠪᠠ ᠳᠤ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠦᠯᠬᠦᠮᠳᠡᠯ ᠢᠶᠠᠨ ᠴᠢᠩᠭᠠᠳᠬᠠᠬᠤ ᠬᠡᠷᠡᠭᠲᠡᠢ ᠃ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ ᠨᠡᠪᠲᠡᠷᠡᠯᠴᠡᠭᠦᠯᠬᠦ ᠂ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ ᠂ ᠲᠦᠷᠦ ᠶᠢᠨ ᠪᠣᠳᠣᠯᠭ᠎ᠠ ᠶᠢ ᠤᠬᠠᠭᠤᠯᠬᠤ ᠂ ᠰᠡᠵᠢᠭ ᠲᠥᠭᠡᠷᠢᠭᠳᠡᠯ ᠢ ᠲᠠᠶᠢᠯᠬᠤ ᠠᠵᠢᠯ ᠢ ᠢᠯᠡᠭᠦᠬᠡᠨ ᠬᠢᠵᠦ ᠂ ᠤᠷᠮ᠎ᠠ ᠰᠡᠳᠬᠢᠯᠭᠡ ᠶᠢ ᠰᠢᠯᠤᠭᠤᠳᠬᠠᠬᠤ ᠂ ᠵᠥᠷᠢᠴᠡᠯ ᠢ ᠠᠷᠢᠯᠭᠠᠬᠤ ᠠᠵᠢᠯ ᠢ ᠢᠯᠡᠭᠦᠬᠡᠨ ᠬᠢᠵᠦ ᠂ ᠪᠦᠯᠬᠦᠮᠳᠡᠨ ᠡᠷᠴᠢ ᠵᠣᠷᠢᠭ ᠢ ᠬᠥᠪᠴᠢᠯᠡᠬᠦ ᠂ ᠢᠲᠡᠭᠡᠯ ᠵᠣᠷᠢᠭ ᠢ ᠨᠡᠮᠡᠭᠳᠡᠭᠦᠯᠬᠦ ᠠᠵᠢᠯ ᠢ ᠢᠯᠡᠭᠦᠬᠡᠨ ᠬᠢᠵᠦ ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠡᠪᠴᠢᠶ᠎ᠡ ᠶᠢ ᠥᠷᠭᠡᠳᠬᠡᠵᠦ ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠬᠦᠴᠦᠷᠬᠡᠭ ᠶᠡᠭᠡ ᠢᠳᠡᠪᠬᠢ ᠬᠦᠴᠦᠨ ᠢ ᠨᠢᠭᠲᠠᠷᠠᠭᠤᠯᠵᠤ ᠂ ᠶᠡᠭᠡ ᠪᠦᠯᠬᠦᠮᠳᠡᠯ ᠶᠡᠭᠡ ᠬᠤᠯᠪᠣᠭᠠᠯᠠᠯ ᠤᠨ ᠪᠠᠶᠢᠳᠠᠯ ᠢ ᠲᠠᠰᠤᠷᠠᠯᠳᠠ ᠦᠭᠡᠢ ᠪᠠᠬᠢᠵᠢᠭᠦᠯᠦᠨ ᠬᠥᠭᠵᠢᠭᠦᠯᠵᠦ ᠂ ᠨᠠᠮ ᠤᠨ ᠤᠳᠤᠷᠢᠳᠤᠯᠭ᠎ᠠ ᠳᠤ ᠤᠯᠤᠰ ᠲᠦᠷᠦ ᠶᠢᠨ ᠰᠠᠭᠤᠷᠢ ᠂ ᠨᠡᠶᠢᠭᠡᠮ ᠤᠨ ᠰᠠᠭᠤᠷᠢ ᠪᠠ ᠤᠯᠠᠨ ᠲᠦᠮᠡᠨ ᠤ ᠰᠠᠭᠤᠷᠢ ᠶᠢ ᠪᠠᠬᠢᠵᠢᠭᠦᠯᠵᠦ ᠥᠭᠭᠦ ᠬᠡᠷᠡᠭᠲᠡᠢ ᠃ ᠳᠥᠷᠪᠡ ᠳᠤ ᠂ ᠡᠷᠳᠡᠮ ᠴᠢᠳᠠᠪᠤᠷᠢ ᠪᠠᠨ ᠨᠡᠮᠡᠭᠳᠡᠭᠦᠯᠵᠦ ᠳᠦᠷᠢ ᠲᠥᠷᠬᠦ ᠶᠢ ᠱᠤᠭᠤᠬᠤ ᠬᠡᠷᠡᠭᠲᠡᠢ ᠃ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠭᠡᠰᠢᠭᠦᠳ ᠤᠨ ᠭᠤᠣᠯ ᠴᠣᠭᠴᠠ ᠶᠢᠨ ᠦᠢᠯᠡᠳᠦᠯ ᠂ ᠲᠤᠬᠠᠶᠢᠯᠠᠭᠰᠠᠨ ᠠᠵᠢᠯ ᠤᠨ ᠳᠤᠮᠳᠠᠬᠢ ᠳᠠᠭᠠᠭᠤᠯᠬᠤ ᠦᠢᠯᠡᠳᠦᠯ ᠂ ᠡᠲᠡᠭᠡᠳ ᠢᠯᠭᠠᠯ ᠤᠨ ᠤᠯᠠᠨ ᠲᠦᠮᠡᠨ ᠤ ᠳᠤᠮᠳᠠᠬᠢ ᠲᠥᠯᠥᠭᠡᠯᠡᠬᠦ ᠦᠢᠯᠡᠳᠦᠯ ᠢ ᠰᠠᠶᠢᠲᠤᠷ ᠪᠠᠳᠠᠷᠠᠭᠤᠯᠵᠤ ᠂ ᠵᠥᠪᠯᠡᠭᠦ ᠦᠨᠳᠦᠰᠦᠨ ᠴᠢᠳᠠᠪᠤᠷᠢ ᠶᠢ ᠪᠠᠲᠤ ᠪᠤᠢ ᠪᠤᠯᠭᠠᠵᠤ ᠂ ᠤᠯᠤᠰ ᠲᠦᠷᠦ ᠶᠢᠨ ᠵᠥᠪᠯᠡᠯᠭᠡᠨ ᠤ ᠦᠭᠡ ᠭᠡᠯᠡᠭᠦ ᠡᠷᠬᠡ ᠶᠢ ᠰᠠᠶᠢᠲᠤᠷ ᠬᠡᠷᠡᠭᠯᠡᠵᠦ ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠵᠢᠩᠬᠢᠨᠢ ᠡᠷᠳᠡᠮ ᠢ ᠳᠠᠪᠲᠠᠨ ᠪᠤᠯᠪᠠᠰᠤᠷᠠᠭᠤᠯᠵᠤ ᠂ ᠦᠨᠡᠨ ᠪᠣᠳᠠᠲᠠᠢ ᠠᠵᠢᠯᠯᠠᠬᠤ ᠴᠢᠳᠠᠪᠤᠷᠢ ᠪᠠᠨ ᠳᠡᠭᠡᠭᠰᠢᠯᠡᠭᠦᠯᠵᠦ ᠂ ︽ ᠤᠯᠤᠰ ᠲᠦᠷᠦ ᠶᠢᠨ ᠵᠥᠪᠯᠡᠯᠭᠡᠨ ᠢ ᠣᠶᠢᠯᠠᠭᠠᠬᠤ ᠂ ᠵᠥᠪᠯᠡᠯᠭᠡ ᠬᠢᠵᠦ ᠴᠢᠳᠠᠬᠤ ᠂ ᠲᠦᠷᠦ ᠶᠢᠨ ᠶᠠᠪᠤᠳᠠᠯ ᠢ ᠵᠥᠪᠯᠡᠭᠦ ᠳᠡᠭᠡᠨ ᠴᠢᠳᠠᠮᠠᠭᠠᠢ ᠪᠠᠶᠢᠬᠤ ᠂ ᠰᠠᠬᠢᠯᠭ᠎ᠠ ᠪᠠᠲᠤ ᠶᠢ ᠰᠠᠬᠢᠬᠤ ᠂ ᠶᠣᠰᠣ ᠳᠦᠷᠢᠮ ᠢ ᠡᠷᠭᠢᠮᠯᠡᠭᠦ ᠂ ᠵᠠᠩ ᠰᠤᠷᠲᠠᠯ ᠢ ᠴᠢᠬᠤᠯᠠᠴᠢᠯᠠᠬᠤ ︾ ᠭᠡᠰᠢᠭᠦᠨ ᠤ ᠳᠦᠷᠢ ᠲᠥᠷᠬᠦ ᠶᠢ ᠴᠢᠷᠮᠠᠶᠢᠨ ᠱᠤᠭᠤᠵᠤ ᠂ ᠭᠡᠰᠢᠭᠦᠨ ᠤ ᠲᠤᠰᠢᠶᠠᠯ ᠬᠠᠷᠢᠭᠤᠴᠠᠯᠭ᠎ᠠ ᠪᠠᠨ ᠥᠨᠳᠥᠷ ᠪᠠᠷᠢᠮᠵᠢᠶ᠎ᠠ ᠪᠠᠷ ᠭᠦᠢᠴᠡᠳᠬᠡᠵᠦ ᠂ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠰᠢᠨ᠎ᠡ ᠳᠦᠷᠰᠦ ᠪᠠᠶᠢᠳᠠᠯ ᠢ ᠢᠯᠡᠷᠡᠭᠦᠯᠭᠦ ᠬᠡᠷᠡᠭᠲᠡᠢ ᠭᠡᠪᠡ ᠃

      ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠤᠷᠢᠯᠭ᠎ᠠ ᠪᠠᠷ ᠬᠤᠷᠠᠯ ᠳᠤ ᠣᠷᠣᠯᠴᠠᠵᠠᠢ ᠃

      ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠲᠡᠭᠦᠰᠪᠡ ᠃

图二.jpg

      1 ᠰᠠᠷ᠎ᠠ ᠶᠢᠨ 15 ᠤ ᠦᠳᠡ ᠶᠢᠨ ᠡᠮᠦᠨ᠎ᠡ ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠡᠯ᠎ᠡ ᠵᠦᠪᠯᠡᠭᠦ ᠵᠦᠢᠯᠡᠰ ᠢᠶᠠᠨ ᠠᠮᠵᠢᠯᠲᠠ ᠲᠠᠢ ᠳᠠᠭᠤᠰᠬᠠᠵᠤ ᠂ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠢᠯᠠᠯᠲᠠ  ᠲᠠᠢ ᠲᠡᠭᠦᠰᠪᠡ ᠃   ᠶᠢᠨ ᠴᠢᠤᠸᠠᠨ ᠰᠡᠭᠦᠳᠡᠷᠯᠡᠪᠡ

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ