ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ  ᠰᠦᠨ ᠱᠤᠤ ᠴᠧᠩ ᠳᠠᠭᠠᠭᠤᠯᠤᠨ ᠲᠠᠩᠭᠠᠷᠢᠭᠯᠠᠵᠠᠢ
ᠨᠡᠶᠢᠲᠡᠯᠡᠭᠰᠡᠨ ᠴᠠᠭ᠄
2023/1/17

      ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠬᠠᠤᠯᠢ ᠳᠤ ᠲᠠᠩᠭᠠᠷᠢᠭᠯᠠᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠷᠭ᠎ᠠ ︾ ᠶᠢᠨ ᠲᠣᠭᠲᠠᠭᠠᠯ ᠢ ᠦᠨᠳᠦᠰᠦᠯᠡᠨ ᠂ 1 ᠰᠠᠷ᠎ᠠ ᠶᠢᠨ 16  ᠤ ᠦᠳᠡ ᠶᠢᠨ ᠡᠮᠦᠨ᠎ᠡ ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠡᠭᠡᠷ᠎ᠡ ᠰᠢᠨ᠎ᠡ ᠪᠠᠷ ᠰᠣᠩᠭᠤᠭᠳᠠᠭᠰᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠭᠢᠯᠡᠭᠴᠢ ᠯᠢᠨ ᠱᠤᠤ ᠴᠦᠨ ᠂ ᠵᠠᠩ ᠱᠤᠤ ᠴᠦᠨ ᠂ ᠳ᠋ᠤᠸᠠᠨ ᡁᠢ ᠴᠢᠶᠠᠩ ᠂ ᠠᠢ ᠯᠢ ᠬᠤᠸᠠ ᠂ ᠯᠢ ᠪᠢᠩ ᠷᠦᠩ ᠂ ᠦ᠋ ᠶᠠᠨ ᠭᠠᠩ ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠂ ᠴᠢ᠊ ᠪᠠᠲᠤ ᠂ ᠪᠦᠦ ᠰᠢᠶᠠᠨ ᠬᠤᠸᠠ ᠂ ᠵᠧᠩ ᠭᠤᠸᠠᠩ ᠵᠣᠣ ᠂ ᠶᠣᠣ ᠶᠦᠡᠭ ᠪᠦᠸᠧ ᠂ ᠲᠠᠶᠢᠴᠢᠨ ᠂ ᠶᠠᠩ ᠶᠢᠨ ᠂ ᠪᠠᠢ ᠴᠢᠩ ᠶᠤᠸᠠᠨ ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠤᠨ ᠡᠷᠭᠢᠯᠡᠭᠴᠢ ᠯᠢᠦ ᠱᠤᠸᠠᠩ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠭᠦ ᠬᠤᠷᠢᠶ᠎ᠠ ᠶᠢᠨ ᠳᠠᠷᠤᠭ᠎ᠠ ᠶᠠᠩ ᠽᠥᠩ ᠷᠧᠨ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠬᠠᠤᠯᠢ ᠶᠣᠰᠣᠭᠠᠷ ᠲᠠᠩᠭᠠᠷᠢᠭᠯᠠᠬᠤ ᠶᠣᠰᠣᠯᠠᠯ ᠳᠤ ᠣᠷᠣᠯᠴᠠᠪᠠ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠦᠨᠳᠦᠰᠦᠨ ᠬᠠᠤᠯᠢ ᠳᠤ ᠲᠠᠩᠭᠠᠷᠢᠭᠯᠠᠬᠤ ᠪᠣᠯᠣᠨ᠎ᠠ ᠃      

      ᠰᠦᠨ ᠱᠤᠤ ᠴᠧᠩ ᠳᠠᠭᠠᠭᠤᠯᠤᠨ ᠲᠠᠩᠭᠠᠷᠢᠭᠯᠠᠪᠠ ᠃


W020230117334662078794.jpg


      1 ᠰᠠᠷ᠎ᠠ ᠶᠢᠨ 16 ᠤ ᠦᠳᠡ ᠶᠢᠨ ᠡᠮᠦᠨ᠎ᠡ ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ ᠃

      ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠤᠯᠤᠰ ᠤᠨ ᠰᠦᠯᠳᠡ ᠥᠨᠳᠥᠷ ᠲᠤ ᠡᠯᠭᠦᠭᠳᠡᠵᠦ ᠂ ᠲᠠᠪᠤᠨ ᠣᠳᠣᠲᠤ ᠤᠯᠠᠭᠠᠨ ᠲᠤᠭ ᠬᠠᠷᠠᠭᠠᠨ ᠳᠤ ᠭᠡᠷᠡᠯᠲᠦᠨ᠎ᠡ ᠃ ᠲᠠᠩᠭᠠᠷᠢᠭᠯᠠᠬᠤ ᠲᠠᠶᠢᠰᠠᠨ ᠳᠡᠭᠡᠷ᠎ᠡ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ︾ ᠶᠢ ᠲᠠᠯᠪᠢᠵᠠᠢ᠃ ᠦᠨᠳᠦᠰᠦᠨ ᠬᠠᠤᠯᠢ ᠳᠤ ᠲᠠᠩᠭᠠᠷᠢᠭᠯᠠᠬᠤ ᠠᠬᠤᠢ ᠲᠠᠯᠠᠪᠠᠢ ᠶᠢᠨ ᠠᠭᠤᠷ ᠠᠮᠢᠰᠬᠤᠯ ᠲᠥᠪ ᠴᠢᠩᠭ᠎ᠠ ᠦᠪᠡᠳᠡᠭᠰᠢ ᠶᠡᠭᠡ ᠪᠠᠶᠢᠪᠠ ᠃

      ᠲᠠᠩᠭᠠᠷᠢᠭᠯᠠᠬᠤ ᠶᠣᠰᠣᠯᠠᠯ ᠡᠬᠢᠯᠡᠮᠡᠭᠴᠡ ᠪᠦᠭᠦᠳᠡᠭᠡᠷ ᠢᠶᠠᠨ ᠪᠣᠰᠴᠤ ᠵᠣᠭᠰᠣᠨ ᠂ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠬᠠᠮᠲᠤ ᠪᠠᠷ ᠳᠠᠭᠤᠯᠠᠪᠠ ᠃ ᠤᠯᠤᠰ ᠤᠨ ᠰᠦᠯᠳᠡ ᠳᠠᠭᠤᠤ ᠶᠢ ᠳᠠᠭᠤᠯᠠᠵᠤ ᠪᠠᠷᠠᠭᠰᠠᠨ ᠤ ᠳᠠᠷᠠᠭ᠎ᠠ ᠂ ᠳᠠᠭᠠᠭᠤᠯᠤᠨ ᠲᠠᠩᠭᠠᠷᠢᠭᠯᠠᠭᠴᠢ ᠰᠦᠨ ᠱᠤᠤ ᠴᠧᠩ ᠲᠠᠩᠭᠠᠷᠢᠭᠯᠠᠬᠤ ᠲᠠᠶᠢᠰᠠᠨ ᠤ ᠡᠮᠦᠨ᠎ᠡ ᠬᠦᠷᠴᠦ ᠂ ᠵᠡᠭᠦᠨ ᠭᠠᠷ ᠢᠶᠠᠨ ᠦᠨᠳᠦᠰᠦᠨ ᠬᠠᠤᠯᠢ ᠶᠢᠨ ᠳᠡᠭᠡᠷ᠎ᠡ ᠲᠠᠯᠪᠢᠵᠤ ᠂ ᠪᠠᠷᠠᠭᠤᠨ ᠭᠠᠷ  ᠤᠨ ᠨᠢᠳᠤᠷᠭ᠎ᠠ ᠪᠠᠨ ᠵᠠᠩᠭᠢᠳᠤᠨ ᠡᠷᠭᠦᠵᠦ ᠂ ᠲᠠᠩᠭᠠᠷᠢᠭ ᠤᠨ ᠦᠭᠡᠰ ᠢ ᠤᠩᠰᠢᠪᠠ ᠃ ᠦᠨᠳᠦᠰᠦᠨ ᠬᠠᠤᠯᠢ ᠳᠤ ᠲᠠᠩᠭᠠᠷᠢᠭᠯᠠᠬᠤ ᠳᠤ ᠣᠷᠣᠯᠴᠠᠭᠰᠠᠳ ᠳᠠᠭᠠᠭᠤᠯᠤᠨ ᠲᠠᠩᠭᠠᠷᠢᠭᠯᠠᠭᠴᠢ ᠶᠢᠨ ᠠᠷᠤ ᠳᠤ ᠮᠥᠷᠯᠡᠨ ᠵᠣᠭᠰᠣᠵᠤ ᠂ ᠪᠠᠷᠠᠭᠤᠨ ᠭᠠᠷ  ᠤᠨ ᠨᠢᠳᠤᠷᠭ᠎ᠠ ᠪᠠᠨ ᠵᠠᠩᠭᠢᠳᠤᠨ ᠡᠷᠭᠦᠵᠦ ᠂ ᠲᠠᠩᠭᠠᠷᠢᠭ ᠤᠨ ᠦᠭᠡᠰ ᠢ ᠲᠠᠭᠠᠨ ᠤᠩᠰᠢᠪᠠ ᠃

      ︽ ᠪᠢ ᠲᠠᠩᠭᠠᠷᠢᠭᠯᠠᠵᠤ ᠪᠠᠶᠢᠨ᠎ᠠ᠄ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠳᠤ ᠦᠨᠡᠨᠴᠢ ᠰᠢᠳᠤᠷᠭᠤ ᠪᠠᠶᠢᠵᠤ ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠵᠤ ᠂ ᠬᠠᠤᠯᠢ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠂ ᠡᠬᠡ ᠤᠯᠤᠰ ᠲᠠᠭᠠᠨ ᠦᠨᠡᠨᠴᠢ ᠂ ᠠᠷᠠᠳ ᠲᠦᠮᠡᠨ ᠳᠡᠭᠡᠨ ᠦᠨᠡᠨᠴᠢ ᠪᠠᠶᠢᠵᠤ ᠂ ᠲᠤᠰᠢᠶᠠᠯ ᠬᠠᠷᠢᠭᠤᠴᠠᠯᠭ᠎ᠠ ᠪᠠᠨ ᠰᠢᠳᠤᠷᠭᠤ ᠪᠠᠷ ᠭᠦᠢᠴᠡᠳᠬᠡᠵᠦ ᠂ ᠠᠷᠢᠭᠤᠨ ᠴᠢᠬᠡᠴᠢ ᠪᠠᠷ ᠠᠯᠪᠠᠨ ᠳᠤ ᠵᠢᠳᠬᠦᠵᠦ ᠂ ᠠᠷᠠᠳ ᠲᠦᠮᠡᠨ ᠤ ᠬᠢᠨᠠᠯᠲᠠ ᠶᠢ ᠬᠦᠯᠢᠶᠡᠵᠦ ᠂ ᠪᠠᠶᠠᠨ ᠬᠦᠴᠦᠷᠬᠡᠭ ᠂ ᠠᠷᠠᠳᠴᠢᠯᠠᠭᠰᠠᠨ ᠂ ᠪᠣᠯᠪᠠᠰᠤᠨ ᠰᠠᠶᠢᠬᠠᠨ ᠂ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠨ᠎ᠡ ︕ ︾

      ᠢᠳᠡ ᠬᠦᠴᠦᠨ ᠲᠠᠢ ᠲᠠᠩᠭᠠᠷᠢᠭ ᠤᠨ ᠦᠭᠡᠰ ᠨᠢ ᠲᠠᠩᠭᠠᠷᠢᠭᠯᠠᠭᠴᠢ ᠶᠢᠨ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ ᠂ ᠦᠨᠳᠦᠰᠦᠨ ᠬᠠᠤᠯᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠡᠷᠡᠰ ᠵᠣᠷᠢᠭ ᠢ ᠳᠠᠮᠵᠢᠭᠤᠯᠵᠤ ᠪᠠᠶᠢᠯ᠎ᠠ ᠃ ᠲᠡᠳᠡ ᠂ ᠲᠠᠩᠭᠠᠷᠢᠭ ᠢᠶᠠᠨ ᠢᠮᠠᠭᠲᠠ ᠪᠠᠲᠤ ᠴᠡᠭᠡᠵᠢᠯᠡᠵᠦ ᠂ ᠦᠨᠳᠦᠰᠦᠨ ᠬᠠᠤᠯᠢ ᠳᠤ ᠦᠨᠡᠨᠴᠢ ᠰᠢᠳᠤᠷᠭᠤ ᠪᠠᠶᠢᠵᠤ ᠂ ᠦᠨᠳᠦᠰᠦᠨ ᠬᠠᠤᠯᠢ ᠶᠢ ᠵᠢᠷᠤᠮᠯᠠᠵᠤ ᠂ ᠦᠨᠳᠦᠰᠦᠨ ᠬᠠᠤᠯᠢ ᠶᠢ ᠬᠠᠮᠠᠭᠠᠯᠠᠵᠤ ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠴᠠᠭ ᠢᠮᠠᠭᠲᠠ ᠦᠯᠦ ᠮᠠᠷᠲᠠᠵᠤ ᠂ ᠠᠮᠠᠯᠠᠯᠲᠠ ᠪᠠᠨ ᠦᠨᠡᠨ ᠬᠦ ᠭᠦᠢᠴᠡᠳᠬᠡᠵᠦ ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ ᠂ ᠵᠠᠮ ᠨᠡᠭᠡᠭᠡᠨ ᠰᠢᠨ᠎ᠡ ᠶᠢ ᠡᠭᠦᠳᠴᠦ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠥᠪᠥᠷ ᠮᠣᠩᠭᠤᠯ ᠤᠨ ᠬᠤᠪᠢ ᠨᠡᠮᠡᠷᠢ  ᠶᠢ ᠦᠵᠡᠭᠦᠯᠦᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ ᠃

      ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠳᠥᠷᠪᠡᠳᠦᠭᠡᠷ ᠤᠳᠠᠭ᠎ᠠ ᠶᠢᠨ ᠪᠦᠭᠦᠳᠡ ᠬᠤᠷᠠᠯ ᠲᠡᠭᠦᠰᠦᠭᠰᠡᠨ ᠤ ᠳᠠᠷᠠᠭ᠎ᠠ ᠂ ᠰᠢᠨ᠎ᠡ ᠪᠠᠷ ᠰᠣᠩᠭᠤᠭᠳᠠᠭᠰᠠᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠪᠦᠷᠢᠯᠳᠦᠭᠦᠨ ᠪᠠᠰᠠ ᠦᠨᠳᠦᠰᠦᠨ ᠬᠠᠤᠯᠢ ᠳᠤ ᠲᠠᠩᠭᠠᠷᠢᠭᠯᠠᠪᠠ ᠃ ᠰᠦᠨ ᠱᠤᠤ ᠴᠧᠩ ᠲᠠᠩᠭᠠᠷᠢᠭᠯᠠᠬᠤ ᠶᠢ ᠡᠷᠭᠢᠯᠡᠭᠦ ᠶᠢᠨ ᠬᠠᠮᠲᠤ ᠬᠢᠨᠠᠯᠲᠠ ᠲᠠᠯᠪᠢᠪᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ