ᠵᠧᠩ ᠭᠤᠸᠠᠩ ᠵᠤᠤ
ᠨᠡᠶᠢᠲᠡᠯᠡᠭᠰᠡᠨ ᠴᠠᠭ᠄
2023/1/17

郑光照.jpg

     ᠳᠡᠳ᠋ ᠲᠡᠷᠢᠭᠦᠯᠡᠭᠴᠢ   ᠵᠧᠩ ᠭᠤᠸᠠᠩ ᠵᠤᠤ

     ᠠᠵᠢᠯ ᠤᠨ ᠬᠤᠪᠢᠶᠠᠷᠢ᠄

     ᠲᠡᠷᠢᠭᠦᠯᠡᠭᠴᠢ ᠶᠢ ᠬᠠᠪᠰᠤᠷᠴᠤ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠯ ᠵᠡᠷᠭᠡ ᠲᠠᠯ᠎ᠠ ᠶᠢᠨ ᠠᠵᠢᠯ ᠤᠳ ᠢ ᠬᠠᠷᠢᠭᠤᠴᠠᠨ᠎ᠠ᠃

     ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ ︵ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ︶᠂

ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃

     ᠥᠪᠡᠷᠲᠡᠭᠡᠨ ᠵᠠᠰᠠᠬᠤ ᠣᠷᠣᠨ ᠤ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ᠂ ᠥᠪᠡᠷᠲᠡᠭᠡᠨ ᠵᠠᠰᠠᠬᠤ

ᠣᠷᠣᠨ ᠤ ᠤᠯᠤᠰ ᠤᠨ ᠠᠮᠤᠷ ᠲᠦᠪᠰᠢᠨ ᠤ ᠲᠢᠩᠬᠢᠮ ᠲᠠᠢ ᠬᠠᠷᠢᠴᠠᠨ᠎ᠠ᠃

     ᠲᠡᠷᠢᠭᠦᠯᠡᠭᠴᠢ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠦᠨ᠎ᠡ᠃

 

     ᠲᠣᠪᠴᠢ ᠨᠠᠮᠲᠠᠷ᠄

      ᠵᠧᠩ ᠭᠤᠸᠠᠩ ᠵᠤᠤ᠂ ᠡᠷᠡᠭᠲᠡᠢ᠂ ᠬᠢᠲᠠᠳ ᠦᠨᠳᠦᠰᠦᠲᠡᠨ᠂ 1966 ᠣᠨ ᠤ 9 ᠳ᠋ᠦ᠋ᠭᠡᠷ ᠰᠠᠷ᠎ᠠ ᠳᠤ ᠲᠥᠷᠥᠪᠡ᠂ ᠳᠤᠮᠳᠠᠳᠤ ᠤᠯᠤᠰ ᠤᠨ ᠡᠪ ᠬᠠᠮᠲᠤ

ᠨᠠᠮ ᠤᠨ ᠭᠡᠰᠢᠭᠦᠨ᠃

      ᠣᠳᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ

ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠱᠦᠵᠢ᠂ ᠲᠢᠩᠬᠢᠮ ᠤᠨ ᠳᠠᠷᠤᠭ᠎ᠠ᠂ ᠬᠢᠨᠠᠨ

ᠪᠠᠶᠢᠴᠠᠭᠠᠬᠤ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠬᠠᠤᠯᠢ ᠴᠠᠭᠠᠵᠠ ᠶᠢᠨ ᠬᠤᠷᠢᠶᠠᠨ ᠤ ᠳᠡᠳ᠋ ᠱᠦᠵᠢ ︵ᠲᠤᠰᠢᠶᠠᠯ

ᠬᠠᠪᠰᠤᠷᠭᠠᠭᠰᠠᠨ︶ ᠶᠢᠨ ᠲᠤᠰᠢᠶᠠᠯ ᠳᠤ ᠪᠣᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ