ᠴᠢ᠊ ᠪᠠᠲᠤ
ᠨᠡᠶᠢᠲᠡᠯᠡᠭᠰᠡᠨ ᠴᠠᠭ᠄
2023/1/17

奇巴图.jpg

 

     ᠳᠡᠳ᠋ ᠲᠡᠷᠢᠭᠦᠯᠡᠭᠴᠢ    ᠴᠢ᠊ ᠪᠠᠲᠤ

     ᠠᠵᠢᠯ ᠤᠨ ᠬᠤᠪᠢᠶᠠᠷᠢ᠄

     ᠲᠡᠷᠢᠭᠦᠯᠡᠭᠴᠢ ᠶᠢ ᠬᠠᠪᠰᠤᠷᠴᠤ ᠦᠨᠳᠦᠰᠦᠲᠡᠨ ᠤ ᠬᠡᠷᠡᠭ ᠶᠠᠪᠤᠳᠠᠯ᠂ ᠠᠷᠠᠳ ᠤᠨ ᠶᠠᠪᠤᠳᠠᠯ᠂ ᠬᠥᠮᠥᠨ ᠤ ᠬᠦᠴᠦ ᠪᠠ ᠨᠡᠶᠢᠭᠡᠮ ᠤᠨ ᠪᠠᠲᠤᠯᠠᠭ᠎ᠠ᠂ ᠴᠡᠷᠢᠭ ᠤᠨ

ᠠᠯᠪᠠ ᠠᠴᠠ ᠬᠠᠯᠠᠭᠳᠠᠭᠰᠠᠳ ᠤᠨ ᠶᠠᠪᠤᠳᠠᠯ᠂ ᠵᠠᠬ᠎ᠠ ᠳᠡᠯᠭᠡᠭᠦᠷ ᠤᠨ ᠬᠠᠮᠢᠶᠠᠷᠤᠯᠲᠠ᠂ ᠲᠡᠦᠬᠡ ᠰᠣᠶᠣᠯ ᠪᠠ ᠣᠷᠣᠨ ᠨᠤᠲᠤᠭ ᠤᠨ ᠣᠶᠢᠯᠠᠯᠭ᠎ᠠ ᠵᠡᠷᠭᠡ ᠲᠠᠯ᠎ᠠ ᠶᠢᠨ

ᠠᠵᠢᠯ ᠤᠳ ᠢ ᠬᠠᠷᠢᠭᠤᠴᠠᠨ᠎ᠠ᠃

     ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ ᠠᠷᠠᠳ ᠤᠨ

ᠶᠠᠪᠤᠳᠠᠯ ᠤᠨ ᠲᠢᠩᠬᠢᠮ᠂ ᠬᠥᠮᠥᠨ ᠤ ᠬᠦᠴᠦ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ᠂

ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠢᠩᠬᠢᠮ ︵ᠮᠡᠳᠡᠯᠭᠡ ᠶᠢᠨ ᠥᠮᠴᠢ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ

ᠲᠣᠪᠴᠢᠶ᠎ᠠ︶᠂ ᠥᠪᠥᠷ ᠮᠣᠩᠭᠤᠯ ᠤᠨ ᠰᠣᠶᠣᠯ ᠲᠡᠦᠬᠡ ᠶᠢᠨ ᠰᠤᠳᠤᠯᠭᠠᠨ ᠤ ᠣᠷᠳᠣᠨ ᠢ ᠬᠤᠪᠢᠳᠠᠨ ᠬᠠᠮᠢᠶᠠᠷᠤᠨ᠎ᠠ᠃

     ᠥᠪᠡᠷᠲᠡᠭᠡᠨ ᠵᠠᠰᠠᠬᠤ ᠣᠷᠣᠨ ᠤ ᠱᠠᠰᠢᠨ ᠰᠤᠷᠲᠠᠬᠤᠨ ᠤ ᠶᠠᠪᠤᠳᠠᠯ ᠤᠨ ᠲᠣᠪᠴᠢᠶ᠎ᠠ᠂ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭᠠᠨ ᠤ ᠥᠪᠥᠷ

ᠮᠣᠩᠭᠤᠯ ᠳᠠᠬᠢ ᠶᠡᠷᠦᠩᠬᠡᠢ ᠠᠩᠭᠢ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ

ᠨᠡᠶᠢᠭᠡᠮᠯᠢᠭ ᠲᠠᠢ ᠬᠠᠷᠢᠴᠠᠨ᠎ᠠ᠃

     ᠲᠡᠷᠢᠭᠦᠯᠡᠭᠴᠢ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠦᠨ᠎ᠡ᠃

 

     ᠳᠣᠪᠴᠢ ᠨᠠᠮᠳᠠᠷ᠄

     ᠴᠢ᠊ ᠪᠠᠳᠣ᠂ ᠡᠷᠡᠭᠳᠡᠢ᠂ ᠮᠣᠩᠭᠤᠯ ᠦᠨᠳᠦᠰᠦᠳᠡᠨ᠂ 1971 ᠣᠨ ᠤ 9 ᠰᠠᠷ᠎ᠠ ᠳᠤ ᠲᠦᠷᠦᠪᠡ᠂ ᠲᠦᠪ ᠤᠨ ᠨᠠᠮ ᠤᠨ ᠰᠣᠷᠭᠠᠭᠤᠯᠢ ᠶᠢᠨ ᠶᠡᠭᠡ

ᠰᠣᠷᠭᠠᠭᠤᠯᠢ ᠶᠢᠨ ᠰᠣᠷᠣᠯᠭ᠎ᠠ ᠶᠢᠨ ᠨᠠᠮᠳᠠᠷ ᠲᠠᠢ᠂ ᠣᠯᠠᠨ ᠨᠡᠶᠢᠳᠡ ᠶᠢᠨ ᠬᠠᠮᠢᠶᠠᠷᠣᠯᠳᠠ ᠶᠢᠨ ᠮᠠᠰᠲ᠋ᠧᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃

     ᠣᠳᠣ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠵᠠᠰᠠᠭ ᠤᠨ ᠣᠷᠳᠣᠨ ᠤ ᠨᠠᠮ ᠤᠨ ᠣᠳᠣᠷᠢᠳᠬᠤ ᠳᠣᠭᠤᠢᠢᠯᠠᠩ ᠤᠨ

ᠭᠡᠰᠢᠭᠦᠨ ᠤ ᠲᠤᠰᠢᠶᠠᠯ ᠢ ᠡᠭᠦᠷᠭᠡᠯᠡᠵᠦ ᠪᠤᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ